ᠣᠶᠢᠷ᠎ᠠ ᠳᠤ᠂ ᠭᠦᠶᠡᠩ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ 2024 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ︽ᠭᠤᠷᠪᠠ ᠶᠢ ᠳᠡᠮᠵᠢᠵᠦ ᠨᠢᠭᠡ ᠶᠢ | ᠲᠡᠳᠬᠦᠬᠦ︾ ᠠᠵᠢᠯ ᠤᠨ ᠪᠠᠶᠢᠷᠢ ᠶᠢ ᠢᠯᠡ ᠪᠠᠷ ᠰᠣᠩᠭᠤᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠪᠡ᠃ | ᠲᠤᠰ ᠤᠳᠠᠭᠠᠨ ᠤ ᠢᠯᠡ ᠪᠠᠷ ᠠᠵᠢᠯ ᠤᠨ ᠪᠠᠶᠢᠷᠢ ᠰᠣᠩᠭᠤᠬᠤ ᠠᠵᠢᠯ ᠢ ᠰᠢᠶᠠᠨ ᠤ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠᠷ ᠲᠦᠷᠦᠭᠦᠯᠡᠭᠦᠯᠦᠨ᠂ ᠡᠯ᠎ᠡ ᠪᠠᠯᠭᠠᠰᠤ᠂ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ ᠵᠣᠬᠢᠴᠠᠭᠤᠯᠤᠨ ᠬᠠᠮᠵᠢᠯᠴᠠᠵᠤ᠂ ᠬᠠᠮᠲᠤ ᠪᠠᠷ ᠭᠦᠶᠡᠩ ᠰᠢᠶᠠᠨ ᠤ ᠣᠯᠠᠨ | ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠲᠤ ᠬᠦᠷᠴᠦ ᠠᠵᠢᠯ ᠤᠨ ᠪᠠᠶᠢᠷᠢ ᠰᠣᠩᠭᠤᠬᠤ ᠠᠵᠢᠯ ᠢ | ᠥᠷᠨᠢᠭᠦᠯᠦᠨ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠲᠣᠳᠣᠷᠬᠠᠢ ᠪᠠᠶᠢᠵᠤ᠂ ᠲᠤᠬᠠᠢ ᠶᠢᠨ ᠲᠠᠯᠠᠪᠠᠢ ᠶᠢᠨ ᠠᠵᠢᠯ ᠤᠨ ᠪᠠᠶᠢᠷᠢ ᠰᠣᠩᠭᠤᠬᠤ ᠡᠮᠬᠢ ᠳᠢᠭᠯᠢᠮ ᠢ | ᠪᠦᠲᠦᠮᠵᠢᠲᠡᠢ ᠬᠠᠮᠠᠭᠠᠯᠠᠪᠠ᠃ ᠠᠵᠢᠯᠲᠠᠨ ᠠᠴᠠ 26 ᠨᠡᠷᠡᠰ ᠠᠵᠢᠯᠲᠠᠨ ᠢ ᠬᠥᠲᠥᠯᠥᠨ ᠵᠢᠯᠣᠭᠤᠳᠴᠤ ᠲᠠᠯᠠᠪᠤᠷ ᠲᠤ | ᠣᠷᠣᠭᠤᠯᠤᠭᠰᠠᠨ ᠤ ᠳᠠᠷᠠᠭ᠎ᠠ᠂ ᠠᠵᠢᠯᠲᠠᠨ ᠢ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠨᠡᠷᠡᠰ ᠤᠨ | ᠵᠢᠭᠰᠠᠭᠠᠯᠲᠠ ᠶᠢᠨ ᠥᠨᠳᠥᠷ ᠠᠴᠠ ᠳᠣᠣᠷ᠎ᠠ ᠳᠡᠰ ᠳᠠᠷᠠᠭᠠᠯᠠᠯ ᠲᠠᠢ ᠪᠠᠷ ᠠᠵᠢᠯ ᠤᠨ ᠪᠠᠶᠢᠷᠢ ᠰᠣᠩᠭᠤᠬᠤ ᠶᠢᠨ ᠬᠠᠮᠲᠤ | ᠲᠡᠷᠡ ᠳᠣᠣᠷ᠎ᠠ ᠨᠢ ︽ᠠᠵᠢᠯ ᠤᠨ ᠪᠠᠶᠢᠷᠢ ᠶᠢ ᠨᠤᠲᠠᠯᠠᠬᠤ ᠪᠢᠴᠢᠭ︾ ᠲᠣᠭᠲᠠᠭᠤᠯᠪᠠ᠃ ᠠᠵᠢᠯ ᠤᠨ ᠪᠠᠶᠢᠷᠢ | ᠰᠣᠩᠭᠤᠬᠤ ᠲᠤᠬᠠᠢ ᠶᠢᠨ ᠲᠠᠯᠠᠪᠤᠷ ᠲᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠪᠦᠬᠦ ᠶᠠᠪᠤᠴᠠ ᠶᠢ ᠵᠢᠯᠣᠭᠤᠳᠴᠤ᠂ ᠰᠠᠬᠢᠯᠭ᠎ᠠ ᠪᠠᠲᠤ | ᠪᠠᠶᠢᠴᠠᠭᠠᠬᠤ ᠰᠠᠯᠠᠭ᠎ᠠ ᠮᠥᠴᠢᠷ ᠢ ᠤᠷᠢᠵᠤ ᠬᠢᠨᠠᠯᠲᠠ ᠲᠠᠯᠪᠢᠬᠤ ᠶᠢᠨ ᠬᠠᠮᠲᠤ ᠪᠦᠬᠦ ᠶᠠᠪᠤᠴᠠ ᠳᠤ ᠳᠦᠷᠰᠦ | ᠰᠢᠩᠭᠡᠭᠡᠬᠦ ᠪᠠ ᠢᠯᠡ ᠰᠢᠭᠤᠳ ᠨᠡᠪᠲᠡᠷᠡᠭᠦᠯᠬᠦ ᠠᠷᠭ᠎ᠠ ᠮᠠᠶ᠋ᠢᠭ ᠢᠶᠠᠷ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ | ᠲᠤᠰ ᠤᠳᠠᠭᠠᠨ ᠤ ᠠᠵᠢᠯ ᠤᠨ ᠪᠠᠶᠢᠷᠢ ᠰᠣᠩᠭᠤᠬᠤ ᠠᠵᠢᠯ ᠤᠨ ᠢᠯᠡ᠂ ᠡᠷᠬᠡ ᠲᠡᠭᠰᠢ᠂ ᠲᠥᠪ ᠭᠤᠣᠯᠴᠢ | ᠪᠠᠶᠢᠬᠤ ᠶᠢ ᠪᠦᠬᠦ ᠲᠠᠯ᠎ᠠ ᠪᠠᠷ ᠪᠠᠲᠤᠯᠠᠵᠤ᠂ ᠬᠥᠮᠦᠨ ᠡᠯᠰᠡᠬᠦ ᠲᠤᠰ ᠪᠡᠶ᠎ᠡ ᠶᠢᠨ ᠡᠷᠬᠡ ᠠᠰᠢᠭ ᠢ ᠬᠠᠮᠠᠭᠠᠯᠠᠨ᠂ | ᠢᠯᠡ ᠪᠠᠷ ᠠᠵᠢᠯ ᠤᠨ ᠪᠠᠶᠢᠷᠢ ᠰᠣᠩᠭᠤᠬᠤ ᠠᠵᠢᠯ ᠨᠢ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠵᠤ᠂ ︽ | ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠷᠥᠯ ᠵᠦᠢᠯ ᠤᠨ ᠠᠵᠢᠯᠲᠠᠨ ᠦᠨᠳᠦᠰᠦᠨ ᠱᠠᠲᠤᠨ ᠳᠤ | ᠦᠢᠯᠡᠴᠢᠯᠡᠬᠦ ᠪᠠᠷ ᠳᠠᠮᠵᠢᠭᠤᠯᠤᠨ᠂ ᠲᠤᠰ ᠪᠡᠶ᠎ᠡ ᠶᠢᠨ ᠴᠢᠳᠠᠪᠤᠷᠢ᠂ ᠡᠷᠳᠡᠮ ᠴᠢᠳᠠᠪᠤᠷᠢ ᠪᠠᠨ ᠪᠦᠬᠦ ᠲᠠᠯ᠎ᠠ ᠪᠠᠷ | ᠪᠣᠯᠪᠠᠰᠤᠷᠠᠭᠤᠯᠵᠤ᠂ ᠳᠦᠷᠢ ᠲᠥᠷᠬᠦ ᠶᠢᠨ ᠰᠣᠯᠢᠭᠳᠠᠯ ᠢ ᠲᠦᠷᠭᠡᠨ ᠪᠡᠶᠡᠯᠡᠭᠦᠯᠵᠦ᠂ ᠠᠷᠠᠳ ᠲᠦᠮᠡᠨ ᠳᠤ ᠨᠡᠩ | ᠰᠠᠶᠢᠲᠤᠷ ᠦᠢᠯᠡᠴᠢᠯᠡᠵᠦ᠂ ᠬᠤᠶᠢᠰᠢᠳᠠ ᠶᠢᠨ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃ | ᠳᠠᠷᠠᠭᠠᠴᠢ ᠶᠢᠨ ᠠᠯᠬᠤᠮ ᠳᠤ᠂ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠠᠵᠢᠯᠲᠠᠨ ᠳᠤ ᠦᠢᠯᠡᠴᠢᠯᠡᠬᠦ ᠬᠠᠮᠢᠶᠠᠷᠤᠯᠲᠠ ᠶᠢᠨ | ᠠᠵᠢᠯ ᠢ ᠦᠷᠭᠦᠯᠵᠢᠯᠡᠨ ᠴᠢᠩᠭᠠᠳᠬᠠᠵᠤ᠂ ᠮᠠᠨ ᠤ ᠰᠢᠶᠠᠨ ᠤ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ | ᠴᠢᠳᠠᠪᠤᠷᠢᠲᠠᠨ ᠢ ᠬᠦᠷᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ | ᠦᠨᠳᠦᠰᠦᠨ ᠱᠠᠲᠤᠨ ᠤ ᠴᠢᠳᠠᠪᠤᠷᠢᠲᠠᠨ ᠤ ᠪᠦᠲᠦᠴᠡ ᠶᠢ ᠰᠠᠶᠢᠵᠢᠷᠠᠭᠤᠯᠬᠤ ᠲᠠᠯ᠎ᠠ ᠪᠠᠷ ᠢᠳᠡᠪᠬᠢᠲᠡᠢ ᠦᠢᠯᠡᠳᠦᠯ | ᠦᠵᠡᠭᠦᠯᠦᠨ᠎ᠡ᠃ |