ᠭᠦᠶᠡᠩ ᠰᠢᠶᠠᠨ᠄ ᠮᠢᠩᠭᠠᠨ ᠮᠦ ᠬᠤᠨᠴᠢᠷ ᠨᠣᠭᠤᠭᠠᠷᠠᠵᠤ᠂ ︽ᠡᠯᠪᠡᠭ ᠬᠤᠷᠢᠶᠠᠯᠲᠠ︾ ᠶᠢ ᠳᠠᠯᠠᠯᠤᠨ᠎ᠠ
ᠨᠡᠶᠢᠲᠡᠯᠡᠭᠰᠡᠨ ᠴᠠᠭ᠄
2024/8/4
    7 ᠰᠠᠷ᠎ᠠ ᠶᠢᠨ 24 ᠤ ᠡᠳᠦᠷ᠂ ︽ᠲᠠᠷᠢᠶᠠᠴᠢᠳ ᠤᠨ ᠡᠳᠦᠷ ᠤᠨ ᠰᠣᠨᠢᠨ︾ ᠤ 6 ᠳ᠋ᠤᠭᠠᠷ ᠬᠡᠪᠯᠡᠯ ᠤᠨ ᠰᠡᠳᠬᠦᠯ ︽ᠬᠤᠨᠴᠢᠷ ᠨᠢ ᠨᠢᠳᠦ ᠳᠦᠭᠦᠷᠡᠩ ᠨᠣᠭᠤᠭᠠᠷᠠᠵᠤ᠂ ᠮᠢᠩᠭᠠᠨ ᠮᠦ ᠲᠠᠷᠢᠶᠠᠨ ᠭᠠᠵᠠᠷ ᠢ ᠵᠢᠷᠤᠭᠯᠠᠭᠰᠠᠨ ᠨᠢ︾ ᠭᠡᠬᠦ ᠰᠡᠳᠦᠪ ᠢᠶᠠᠷ ᠵᠣᠬᠢᠶᠠᠯ ᠨᠡᠶᠢᠲᠡᠯᠡᠪᠡ᠃ ᠡᠭᠦᠨ ᠳᠤ᠂ ᠭᠦᠶᠡᠩ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠲᠠᠷᠢᠵᠤ ᠪᠤᠶᠢᠵᠢᠭᠤᠯᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠤᠯᠠᠮᠵᠢᠯᠠᠯᠲᠤ ᠲᠠᠷᠠᠬᠠᠢ ᠳᠠᠷᠢᠬᠤ ᠵᠠᠭᠪᠤᠷ ᠢ ᠬᠤᠪᠢᠷᠠᠭᠤᠯᠵᠤ᠂ ᠨᠢᠭᠲᠠ ᠲᠠᠷᠢᠵᠤ ᠪᠤᠶᠢᠵᠢᠭᠤᠯᠬᠤ ᠵᠠᠭᠪᠤᠷ ᠢ ᠬᠡᠷᠡᠭᠯᠡᠨ᠂ ᠨᠡᠩ ᠥᠨᠳᠥᠷ ᠭᠠᠷᠤᠯᠲᠠ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠂ ᠡᠨᠡ ᠨᠢ ᠬᠤᠨᠴᠢᠷ ᠢᠳᠡᠷᠡᠭᠦᠨ ᠢᠶᠠᠷ ᠥᠰᠦᠨ ᠪᠤᠶᠢᠵᠢᠬᠤ ᠶᠢ ᠦᠨᠡᠨ ᠬᠦ ᠪᠠᠲᠤᠯᠠᠵᠤ᠂ ᠬᠤᠨᠴᠢᠷ ᠤᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ ᠭᠦᠶᠡᠩ ᠰᠢᠶᠠᠨ ᠤ ᠬᠤᠨᠴᠢᠷ ᠢᠭᠴᠤ ᠰᠠᠬᠤᠯᠢᠭ ᠲᠠᠷᠢᠬᠤ ᠵᠢᠱᠢᠶ᠎ᠡ ᠦᠵᠡᠭᠦᠯᠬᠦ ᠰᠠᠭᠤᠷᠢᠨ ᠳᠤ ᠣᠷᠣᠵᠤ ᠂ ᠬᠤᠨᠴᠢᠷ ᠨᠢ ᠢᠭᠴᠤ ᠰᠠᠬᠤᠯᠢᠭ ᠪᠣᠯᠵᠣ᠂ ᠤᠷᠭᠤᠴᠠ ᠨᠢ ᠪᠠᠶᠠᠷᠯᠠᠭᠤᠰᠢᠲᠠᠢ ᠪᠠᠶᠢᠳᠠᠯ ᠢᠯᠡᠷᠡᠨ᠎ᠡ᠃    ᠭᠦᠶᠡᠩ ᠰᠢᠶᠠᠨ ᠤ ᠬᠤᠨᠴᠢᠷ ᠤᠷᠲᠤ ᠤᠳᠠᠭᠠᠨ ᠲᠡᠦᠬᠡ ᠲᠠᠢ ᠪᠠᠶᠢᠵᠤ᠂ ︽ᠳᠤᠮᠳᠠᠳᠤ ᠤᠯᠤᠰ ᠤᠨ ᠭᠦᠶᠡᠩ ᠠᠰ ᠬᠤᠶᠢᠲᠤ ᠣᠷᠣᠨ ᠤ ᠬᠤᠨᠴᠢᠷ︾ ᠴᠣᠯᠠ ᠣᠯᠭᠤᠵᠠᠢ᠃ ᠭᠦᠶᠡᠩ ᠰᠢᠶᠠᠨ ᠤ ᠭᠡᠷᠡᠯ ᠤᠨ ᠲᠤᠰᠤᠯᠲᠠ ᠭᠦᠢᠴᠡᠳ ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ᠂ ᠳᠥᠷᠪᠡᠨ ᠤᠯᠠᠷᠢᠯ ᠲᠣᠳᠣᠷᠬᠠᠢ᠂ ᠵᠢᠯ ᠤᠨ ᠬᠤᠷ᠎ᠠ ᠲᠣᠨᠣᠳᠠᠰᠤ ᠶᠢᠨ ᠬᠡᠮᠵᠢᠶ᠎ᠡ ᠪᠠᠭ᠎ᠠ᠂ ᠬᠥᠷᠥᠰᠥ ᠰᠢᠷᠣᠢ ᠶᠢᠨ ᠴᠢᠨᠠᠷ ᠵᠥᠭᠡᠯᠡᠨ᠂ ᠣᠯᠠᠨ ᠠᠴᠠ ᠣᠨᠴᠠᠭᠠᠢ ᠭᠠᠵᠠᠷ ᠵᠦᠢ ᠶᠢᠨ ᠳᠠᠪᠠᠭᠤᠯᠢᠭ ᠨᠢ ᠬᠤᠨᠴᠢᠷ ᠲᠠᠷᠢᠬᠤ ᠳᠤ ᠨᠥᠬᠦᠴᠡᠯ ᠬᠠᠩᠭᠠᠵᠤ ᠥᠭᠭᠦᠭᠰᠡᠨ ᠪᠠᠶᠢᠨ᠎ᠠ᠃ ᠣᠶᠢᠷ᠎ᠠ ᠶᠢᠨ ᠵᠢᠯ ᠤᠳ ᠲᠤ᠂ ᠭᠦᠶᠡᠩ ᠰᠢᠶᠠᠨ ᠤ ᠬᠤᠨᠴᠢᠷ ᠤᠨ ᠭᠠᠷᠤᠯᠲᠠ ᠪᠠ ᠦᠷ᠎ᠡ ᠠᠰᠢᠭ ᠠᠯᠬᠤᠮ ᠠᠯᠬᠤᠮ ᠢᠶᠠᠷ ᠳᠡᠭᠡᠭᠰᠢᠯᠡᠵᠦ᠂ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠨᠡᠯᠢᠶᠡᠳ ᠰᠠᠶᠢᠨ ᠪᠠᠶᠢᠵᠤ᠂ ᠬᠡᠪᠴᠢᠶᠡᠵᠢᠭᠰᠡᠨ ᠲᠠᠷᠢᠮᠠᠯ ᠤᠨ ᠰᠠᠭᠤᠷᠢᠨ ᠭᠠᠵᠠᠷ ᠠᠩᠬ᠎ᠠ ᠠᠯᠬᠤᠮ ᠪᠦᠷᠢᠯᠳᠦᠪᠡ᠃ ᠭᠡᠪᠡᠴᠦ ᠬᠤᠨᠴᠢᠷ ᠲᠠᠷᠢᠬᠤ ᠮᠡᠷᠭᠡᠵᠢᠯ ᠬᠤᠴᠣᠷᠤᠩᠭᠤᠢ᠂ ᠠᠳᠠᠯᠢ ᠪᠤᠰᠤ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠨᠥᠬᠦᠴᠡᠯ ᠳᠤ ᠴᠢᠭᠯᠡᠭᠦᠯᠦᠨ᠂ ᠵᠣᠬᠢᠴᠠᠩᠭᠤᠢ ᠲᠠᠷᠢᠶᠠᠯᠠᠬᠤ ᠳᠦᠷᠢᠮ ᠪᠠ ᠲᠠᠷᠢᠬᠤ ᠮᠡᠷᠭᠡᠵᠢᠯ ᠳᠤᠲᠠᠭᠳᠠᠵᠤ᠂ ᠬᠠᠮᠢᠶᠠᠷᠤᠯᠲᠠ ᠶᠢᠨ ᠵᠠᠭᠪᠤᠷ ᠪᠦᠳᠦᠭᠦᠯᠢᠭ᠂ ᠬᠤᠨᠴᠢᠷ ᠤᠨ ᠭᠠᠷᠤᠯᠲᠠ ᠨᠡᠯᠢᠶᠡᠳ ᠳᠣᠣᠷ᠎ᠠ᠂ ᠲᠠᠷᠢᠮᠠᠯ ᠤᠨ ᠮᠠᠰᠢᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠᠲᠠᠢ ᠪᠠᠶᠢᠵᠤ᠂ ᠴᠠᠭ ᠪᠠ ᠠᠵᠤ ᠠᠬᠤᠢ ᠶᠢᠨ ᠥᠪᠡᠷ ᠤᠨ ᠥᠷᠲᠡᠭ ᠢ ᠨᠡᠮᠡᠭᠳᠡᠭᠦᠯᠦᠭᠰᠡᠨ ᠪᠠᠶᠢᠨ᠎ᠠ᠃ ᠲᠤᠬᠠᠢ ᠶᠢᠨ ᠭᠠᠵᠠᠷ ᠤᠨ ᠬᠤᠨᠴᠢᠷ ᠳᠠᠷᠢᠬᠤ ᠶᠠᠪᠤᠴᠠ ᠳᠤ ᠲᠣᠬᠢᠶᠠᠯᠳᠤᠭᠰᠠᠨ ᠪᠣᠭᠤᠮᠢ ᠳᠤ ᠴᠢᠭᠯᠡᠭᠦᠯᠦᠨ ᠂ ᠭᠦᠶᠡᠩ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠠᠴᠠ ᠲᠠᠷᠢᠵᠤ ᠪᠤᠶᠢᠵᠢᠭᠤᠯᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠤᠯᠠᠮᠵᠢᠯᠠᠯᠲᠤ ᠲᠠᠷᠠᠬᠠᠢ ᠳᠠᠷᠢᠬᠤ ᠵᠠᠭᠪᠤᠷ ᠢ ᠬᠤᠪᠢᠷᠠᠭᠤᠯᠵᠤ᠂ ᠨᠢᠭᠲᠠ ᠲᠠᠷᠢᠵᠤ ᠪᠤᠶᠢᠵᠢᠭᠤᠯᠬᠤ ᠵᠠᠭᠪᠤᠷ ᠢ ᠬᠡᠷᠡᠭᠯᠡᠨ᠂ ᠨᠡᠩ ᠥᠨᠳᠥᠷ ᠭᠠᠷᠤᠯᠲᠠ ᠪᠠ ᠶᠠᠰᠤ ᠴᠢᠨᠠᠷ ᠣᠯᠬᠤ ᠶᠢ ᠬᠦᠰᠡᠵᠦ ᠪᠠᠶᠢᠨ᠎ᠠ᠃ ᠲᠥᠪ ᠤᠨ ᠮᠡᠷᠭᠡᠵᠢᠯ ᠤᠨ ᠠᠵᠢᠯᠲᠠᠳ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠬᠦᠷᠴᠦ ᠬᠤᠨᠴᠢᠷ ᠨᠢᠭᠲᠠ ᠤᠷᠭᠤᠭᠰᠠᠨ ᠤᠷᠭᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠴᠢᠭᠢᠭ ᠤᠨ ᠪᠠᠶᠢᠳᠠᠯ ᠲᠠᠷᠢᠶᠠᠯᠠᠩ ᠤᠨ ᠪᠠᠶᠢᠳᠠᠯ ᠢ ᠣᠶᠢᠯᠠᠭᠠᠵᠤ᠂ ᠡᠨᠡ ᠵᠢᠯ ᠤᠨ ᠬᠤᠨᠴᠢᠷ ᠤᠨ ᠬᠤᠷᠢᠶᠠᠯᠲᠠ ᠳᠤ ᠤᠷᠢᠳᠴᠢᠯᠠᠨ ᠮᠠᠭᠠᠳᠯᠠᠬᠤ ᠵᠠᠳᠠᠯᠤᠯᠲᠠ ᠬᠢᠪᠡ᠃ ᠣᠯᠠᠨ ᠢᠶᠠᠷ ᠢᠶᠠᠨ ᠲᠠᠷᠢᠶᠠᠨ ᠭᠠᠵᠠᠷ ᠲᠤ ᠭᠦᠨᠵᠡᠭᠡᠶᠢᠷᠡᠵᠦ᠂ ᠵᠢᠱᠢᠶ᠎ᠡ ᠦᠵᠡᠭᠦᠯᠬᠦ ᠭᠠᠵᠠᠷ ᠤᠨ ᠬᠠᠷᠢᠭᠤᠴᠠᠯᠭᠠᠲᠠᠨ ᠲᠠᠢ ᠶᠠᠷᠢᠯᠴᠠᠵᠤ᠂ ᠲᠤᠬᠠᠢ ᠶᠢᠨ ᠭᠠᠵᠠᠷ ᠤᠨ ᠬᠤᠨᠴᠢᠷ ᠤᠨ ᠲᠠᠷᠢᠬᠤ ᠨᠢᠭᠲᠠᠴᠠ᠂ ᠪᠣᠷᠳᠣᠭᠤᠷ ᠣᠷᠣᠭᠤᠯᠵᠤ ᠤᠰᠤᠯᠠᠬᠤ ᠴᠠᠭ ᠬᠤᠭᠤᠴᠠᠭ᠎ᠠ ᠶᠢ ᠨᠠᠷᠢᠨ ᠣᠶᠢᠯᠠᠭᠠᠵᠤ᠂ ᠬᠥᠷᠥᠰᠥ ᠰᠢᠷᠣᠢ ᠶᠢᠨ ᠲᠠᠷᠢᠶᠠᠯᠠᠭ᠎ᠠ ᠶᠢᠨ ᠳᠠᠪᠬᠤᠷᠭ᠎ᠠ ᠶᠢ ᠠᠭᠤᠳᠠᠯᠠᠬᠤ ᠪᠠᠷ ᠳᠠᠮᠵᠢᠨ ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠢ ᠣᠶᠢᠯᠠᠭᠠᠵᠤ᠂ ᠣᠳᠣᠬᠠᠨ ᠤ ᠴᠢᠬᠢ ᠶᠢᠨ ᠪᠠᠶᠢᠳᠠᠯ ᠳᠤ ᠵᠠᠳᠠᠯᠤᠯᠲᠠ ᠬᠢᠪᠡ᠃ ᠲᠥᠪ ᠤᠨ ᠮᠡᠷᠭᠡᠵᠢᠯᠲᠡᠨ ᠨᠢ ᠬᠤᠨᠴᠢᠷ ᠤᠨ ᠵᠠᠯᠭᠠᠮᠵᠢ ᠲᠠᠷᠢᠮᠠᠯ ᠤᠨ ᠬᠠᠮᠢᠶᠠᠷᠤᠯᠲᠠ ᠳᠤ ᠵᠣᠬᠢᠰᠲᠠᠢ ᠰᠠᠨᠠᠭᠤᠯᠭ᠎ᠠ ᠳᠤᠷᠠᠳᠪᠠ᠄ ᠨᠢᠭᠡᠳᠦᠭᠡᠷ ᠲᠤ᠂ ᠵᠣᠬᠢᠰᠲᠠᠢ ᠬᠢᠵᠠᠭᠠᠷᠯᠠᠵᠤ᠂ ᠬᠥᠷᠥᠰᠥᠨ ᠤ ᠴᠢᠭᠢᠭ ᠤᠨ ᠪᠠᠶᠢᠳᠠᠯ ᠵᠢᠴᠢ ᠤᠷᠭᠤᠮᠠᠯ ᠤᠨ ᠤᠷᠭᠤᠴᠠ ᠶᠢᠨ ᠪᠠᠶᠢᠳᠠᠯ ᠢ ᠦᠨᠳᠦᠰᠦᠯᠡᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠣᠷᠳᠣᠭᠤᠷ ᠤᠨ ᠤᠰᠤ ᠨᠥᠬᠦᠪᠥᠷᠢᠯᠡᠵᠦ᠂ ᠴᠠᠭ ᠲᠤᠨᠢ ᠲᠣᠬᠢᠷᠠᠭᠤᠯᠤᠨ ᠬᠠᠭᠠᠯᠪᠤᠷᠢᠯᠠᠵᠤ᠂ ᠡᠵᠡᠮᠳᠡᠬᠦ ᠶᠢ ᠤᠶᠠᠯᠳᠤᠭᠤᠯᠤᠨ᠎ᠠ︔ ᠬᠤᠶᠠᠳᠤᠭᠠᠷ ᠲᠤ᠂ ᠲᠠᠷᠢᠶᠠᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠬᠥᠷᠥᠰᠥ ᠰᠢᠷᠣᠢ ᠶᠢᠨ ᠪᠤᠵᠠᠷ ᠡᠪᠡᠰᠦ ᠶᠢ ᠴᠠᠭ ᠲᠤᠬᠠᠢ ᠳᠤᠨᠢ ᠠᠷᠢᠯᠭᠠᠵᠤ᠂ ᠰᠢᠮ᠎ᠡ ᠲᠡᠵᠢᠭᠡᠯ ᠪᠠ ᠤᠰᠤᠨ ᠤ ᠬᠤᠬᠢᠷᠠᠯ ᠢ ᠪᠠᠭᠠᠰᠬᠠᠬᠤ ᠬᠡᠷᠡᠭᠲᠡᠢ᠃    ᠳᠠᠷᠠᠭᠠᠴᠢ ᠶᠢᠨ ᠠᠯᠬᠤᠮ ᠳᠤ᠂ ᠭᠦᠶᠡᠩ ᠰᠢᠶᠠᠨ ᠬᠤᠨᠴᠢᠷ ᠤᠨ ᠲᠠᠷᠢᠮᠠᠯ ᠤᠨ ᠬᠠᠮᠢᠶᠠᠷᠤᠯᠲᠠ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠬᠤᠨᠴᠢᠷ ᠤᠨ ᠲᠠᠷᠢᠶᠠᠨ ᠭᠠᠵᠠᠷ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠤᠨᠴᠢᠷ ᠤᠨ ᠢᠳᠡᠷᠡᠭᠦᠨ ᠢᠶᠠᠷ ᠥᠰᠦᠨ ᠪᠤᠶᠢᠵᠢᠬᠤ ᠶᠢ ᠦᠨᠡᠨ ᠬᠦ ᠪᠠᠲᠤᠯᠠᠵᠤ᠂ ᠬᠤᠨᠴᠢᠷ ᠤᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ᠃
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号