1. ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ | ᠂ ᠣᠨᠣᠪᠴᠢᠲᠠᠢ᠂ ᠪᠦᠬᠦ ᠲᠠᠯ᠎ᠠ ᠪᠠᠷ ᠡᠵᠡᠮᠰᠢᠨ ᠲᠤᠭᠤᠰᠢᠯᠠᠭᠤᠯᠵᠤ᠂ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠤᠨ ᠭᠤᠣᠯ ᠱᠤᠭᠤᠮ ᠮᠥᠨ︾ ᠭᠡᠬᠦ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ | ᠣᠶᠢᠯᠠᠭᠠᠨ ᠨᠠᠶᠢᠳᠠᠪᠤᠷᠢᠵᠢᠭᠤᠯᠵᠤ᠂ ᠨᠠᠮ ᠤᠨ ᠦᠭᠡ ᠶᠢ ᠰᠣᠨᠣᠰᠬᠤ᠂ ᠨᠠᠮ ᠤᠨ ᠠᠴᠢ ᠳᠤ ᠲᠠᠯᠠᠷᠬᠠᠬᠤ᠂ ᠨᠠᠮ ᠢᠶᠠᠨ | ᠳᠠᠭᠠᠬᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢᠶᠠᠨ ᠤᠯᠠᠮ ᠨᠢᠭᠡ ᠠᠯᠬᠤᠮ | ᠪᠠᠲᠤᠳᠬᠠᠵᠤ᠂ ︽ᠳᠥᠷᠪᠡᠨ ᠤᠬᠠᠮᠰᠠᠷ︾ ᠢᠶᠠᠨ ᠲᠠᠰᠤᠷᠠᠯᠲᠠ ᠥᠬᠡᠶ ᠴᠢᠩᠭᠠᠳᠬᠠᠵᠤ᠂ ︽ᠳᠥᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ | 2. ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ | ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ | ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ | ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠦᠨ ᠰᠠᠶᠢᠲᠤᠷ ᠪᠡᠶᠡᠯᠡᠭᠦᠯᠵᠦ᠂ ᠶᠡᠷᠦᠩᠬᠡᠢ | ᠱᠦᠵᠢ ᠰᠢ ᠶᠢᠨ ᠫᠢᠩ ᠤᠨ ᠪᠤᠭᠤᠲᠤ ᠳᠤ ᠭᠠᠷᠭᠠᠭᠰᠠᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ | ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ︽41 ᠭᠷᠠᠳᠦᠰ ᠤᠨ ᠭᠦᠶᠡᠩ︾ ᠤᠨ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠨᠡᠭᠡᠭᠡᠬᠦ ᠶᠢᠨ ᠲᠣᠭᠤᠷᠢᠨ ᠳᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠬᠤ ︽ᠨᠠᠢᠮᠠ ᠶᠢ | ᠣᠷᠣᠭᠤᠯᠬᠤ︾ ᠠᠵᠢᠯᠯᠠᠭ᠎ᠠ ᠳᠤ ᠢᠳᠡᠪᠬᠢᠲᠡᠢ ᠣᠷᠣᠯᠴᠠᠭᠰᠠᠨ ᠪᠥᠭᠡᠳ ᠦᠷᠭᠦᠯᠵᠢᠯᠡᠨ ᠭᠦᠨᠵᠡᠭᠡᠶᠢᠷᠡᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠭᠰᠠᠨ | ᠲᠡᠷᠢᠭᠦᠨ ᠤ ᠵᠢᠱᠢᠶᠡᠴᠢ ᠪᠣᠯᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ | ᠭᠦᠶᠡᠩ ᠤᠨ ᠰᠢᠨ᠎ᠡ ᠬᠠᠭᠤᠳᠠᠰᠤ ᠶᠢ ᠬᠠᠮᠲᠤ ᠪᠠᠷ ᠰᠠᠶᠢᠲᠤᠷ ᠪᠢᠴᠢᠭᠯᠡᠬᠦ ᠬᠡᠷᠡᠭᠲᠡᠢ᠃ | 3. ᠮᠠᠨ ᠤ ᠥᠷᠭᠡᠨ ᠳᠡᠯᠭᠡᠷ ᠬᠢᠯᠢ ᠬᠢᠵᠠᠭᠠᠷ ᠪᠣᠯ ᠡᠯ᠎ᠡ ᠣᠢᠠᠲᠣᠰᠣᠲᠠᠨ ᠬᠠᠮᠲᠤᠪᠠᠷ ᠨᠡᠭᠡᠭᠡᠵᠦ ᠪᠠᠶᠢᠭ᠎ᠠ ᠶᠤᠮ᠂ | ᠮᠠᠨ ᠤ ᠥᠨᠢ ᠤᠳᠠᠭᠠᠨ ᠲᠡᠦᠬᠡ ᠪᠣᠯ ᠡᠯ᠎ᠡ ᠣᠢᠠᠲᠣᠰᠣᠲᠠᠨ ᠬᠠᠮᠲᠤᠪᠠᠷ ᠪᠢᠴᠢᠭᠯᠡᠵᠦ ᠪᠠᠶᠢᠭ᠎ᠠ ᠶᠤᠮ᠂ ᠮᠠᠨ ᠤ | ᠴᠡᠴᠡᠭᠯᠡᠭᠰᠡᠨ ᠰᠠᠶᠢᠨ ᠰᠣᠶᠣᠯ ᠪᠣᠯ ᠡᠯ᠎ᠡ ᠣᠢᠠᠲᠣᠰᠣᠲᠠᠨ ᠬᠠᠮᠲᠤ ᠪᠠᠷ ᠡᠭᠦᠳᠦᠨ ᠪᠦᠲᠦᠭᠡᠵᠦ ᠪᠠᠶᠢᠭ᠎ᠠ ᠶᠤᠮ᠂ | ᠮᠠᠨ ᠤ ᠠᠭᠤᠤ ᠶᠡᠭᠡ ᠵᠣᠷᠢᠭ ᠰᠠᠨᠠᠭ᠎ᠠ ᠪᠣᠯ ᠡᠯ᠎ᠡ ᠣᠢᠠᠲᠣᠰᠣᠲᠠᠨ ᠬᠠᠮᠲᠤ ᠪᠠᠷ ᠪᠦᠲᠦᠭᠡᠨ ᠪᠠᠶᠢᠭᠤᠯᠵᠤ ᠪᠠᠶᠢᠭ᠎ᠠ | ᠶᠤᠮ᠃ | 4. ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠦᠬᠦᠵᠦ ᠰᠡᠬᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ | ᠬᠠᠮᠲᠤᠳᠬᠠᠬᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠣᠢ | ᠪᠣᠯᠭᠠᠵᠤ᠂ ᠵᠥᠪ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ | ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠣᠢ ᠪᠣᠯᠭᠠᠵᠤ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ | ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠳᠡᠭᠡᠳᠦ ᠬᠡᠮᠵᠢᠶᠡᠨ ᠤ ᠮᠡᠳᠡᠷᠡᠮᠵᠢ ᠶᠢ ᠪᠠᠲᠤᠳᠬᠠᠨ᠎ᠠ᠃ | 5. ︽ᠭᠤᠷᠪᠠᠨ ᠰᠠᠯᠵᠤ ᠴᠢᠳᠠᠬᠤ ᠦᠭᠡᠢ︾ ᠦᠵᠡᠯ ᠰᠠᠨᠠᠭ᠎ᠠ ᠶᠢ ᠪᠠᠲᠤ ᠪᠠᠬᠢ ᠪᠣᠢ ᠪᠣᠯᠭᠠᠵᠤ᠂ | ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠶᠢᠨ ᠰᠣᠯᠢᠯᠴᠠᠭ᠎ᠠ᠂ ᠭᠦᠨᠵᠡᠭᠡᠢ | ᠠᠭᠤᠰᠤᠯᠴᠠᠯ ᠢ ᠠᠬᠢᠭᠤᠯᠵᠤ᠂ ᠬᠠᠷᠢᠯᠴᠠᠨ ᠰᠢᠭᠢᠳᠬᠡᠬᠦ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ | ᠲᠣᠭᠤᠷᠢᠭ ᠤᠨ ᠣᠷᠴᠢᠨ ᠲᠣᠭᠤᠷᠢᠨ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠵᠠᠩ ᠳᠠᠳᠬᠠᠯ ᠢ ᠬᠠᠷᠢᠯᠴᠠᠨ | ᠬᠦᠨᠳᠦᠳᠬᠡᠵᠦ᠂ ᠦᠨᠳᠦᠰᠦᠲᠡᠨ ᠨᠦᠭᠦᠳ ᠤᠨ ᠣᠷᠣᠨ ᠵᠠᠢ᠂ ᠰᠣᠶᠣᠯ᠂ ᠠᠵᠤ ᠠᠬᠤᠢ᠂ ᠨᠡᠶᠢᠭᠡᠮ᠂ ᠰᠡᠳᠬᠢᠴᠡ | ᠵᠡᠷᠭᠡ ᠲᠠᠯ᠎ᠠ ᠪᠠᠷ ᠪᠦᠬᠦ ᠲᠠᠯ᠎ᠠ ᠪᠠᠷ ᠰᠢᠭᠢᠳᠬᠡᠵᠦ᠂ ᠬᠠᠮᠲᠤᠪᠠᠷ ᠰᠠᠭᠤᠵᠤ ᠬᠠᠮᠲᠤᠪᠠᠷ ᠰᠤᠷᠤᠯᠴᠠᠬᠤ᠂ ᠬᠠᠮᠲᠤᠪᠠᠷ | ᠪᠠᠶᠢᠭᠤᠯᠵᠤ ᠬᠠᠮᠲᠤᠪᠠᠷ ᠡᠳ᠋ᠯᠡᠬᠦ᠂ ᠬᠠᠮᠲᠤᠪᠠᠷ ᠠᠵᠢᠯᠯᠠᠵᠤ ᠬᠠᠮᠲᠤᠪᠠᠷ ᠴᠡᠩᠭᠡᠬᠦ ᠶᠢ ᠠᠬᠢᠭᠤᠯᠵᠤ᠂ ᠡᠶ᠎ᠡ | ᠨᠠᠶᠢᠷᠲᠠᠢ ᠪᠠᠷ ᠬᠠᠮᠲᠤ ᠣᠷᠣᠰᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠶ᠎ᠡ ᠵᠣᠬᠢᠴᠠᠩᠭᠤᠢ ᠪᠠᠷ | ᠬᠥᠭᠵᠢᠨ᠎ᠡ᠃ | 6. ᠦᠨᠳᠦᠰᠦᠲᠡᠨ ᠤ ᠪᠦᠯᠬᠦᠮᠳᠡᠯ ᠢ ᠡᠳᠦᠷ ᠲᠤᠲᠤᠮ ᠤᠨ ᠠᠮᠢᠳᠤᠷᠠᠯ ᠤᠨ ᠦᠭᠡ ᠶᠠᠷᠢᠶ᠎ᠠ ᠦᠢᠯᠡ | ᠠᠵᠢᠯᠯᠠᠭ᠎ᠠ ᠳᠤ ᠠᠭᠤᠰᠬᠠᠨ ᠣᠷᠣᠭᠤᠯᠵᠤ᠂ ᠦᠨᠳᠦᠰᠦᠲᠡᠨ ᠤ ᠪᠦᠯᠬᠦᠮᠳᠡᠯ ᠳᠤ ᠠᠰᠢᠭ ᠦᠭᠡᠢ ᠦᠭᠡ ᠶᠢ ᠬᠡᠯᠡᠬᠦ | ᠦᠭᠡᠢ᠂ ᠦᠨᠳᠦᠰᠦᠲᠡᠨ ᠤ ᠪᠦᠯᠬᠦᠮᠳᠡᠯ ᠳᠤ ᠠᠰᠢᠭ ᠦᠭᠡᠢ ᠶᠠᠪᠤᠳᠠᠯ ᠢ ᠬᠢᠬᠦ ᠦᠭᠡᠢ ᠪᠠᠶᠢᠵᠤ᠂ ᠦᠨᠳᠦᠰᠦᠲᠡᠨ ᠤ | ᠪᠦᠯᠬᠦᠮᠳᠡᠯ ᠢ ᠠᠮᠢ ᠨᠠᠰᠤ ᠪᠠᠨ ᠰᠢᠭ᠋ ᠨᠠᠨᠳᠢᠩᠨᠠᠵᠤ᠂ ᠦᠨᠳᠦᠰᠦᠲᠡᠨ ᠤ ᠪᠦᠯᠬᠦᠮᠳᠡᠯ ᠢ ᠨᠢᠳᠦ ᠪᠠᠨ ᠰᠢᠭ ᠬᠠᠶᠢᠷᠠᠯᠠᠵᠤ | ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠳᠤ ᠠᠰᠢᠭᠲᠠᠢ ᠶᠤᠮ᠃ | 7. ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠭᠦᠨᠵᠡᠭᠡᠢ ᠳᠡᠯᠭᠡᠷᠡᠭᠦᠯᠦᠨ | ᠲᠦᠭᠡᠮᠡᠯᠵᠢᠭᠦᠯᠵᠦ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠢᠳᠡᠪᠬᠢᠲᠡᠢ | ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠶᠡᠬᠡᠪᠡᠷ | ᠪᠠᠳᠠᠷᠠᠭᠤᠯᠵᠤ᠂ ᠭᠡᠷ ᠪᠦᠯᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠠᠬᠢᠭᠤᠯᠵᠤ᠂ | ᠪᠣᠯᠪᠠᠰᠤᠨ ᠰᠢᠨ᠎ᠡ ᠰᠤᠷᠲᠠᠯ ᠢ ᠰᠠᠨᠠᠭᠠᠴᠢᠯᠠᠵᠤ᠂ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠵᠤ᠂ ᠪᠣᠯᠪᠠᠰᠤᠨ ᠢ | ᠡᠭᠦᠳᠦᠨ ᠪᠠᠶᠢᠭᠤᠯᠬᠤ᠂ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢ ᠭᠦᠨᠵᠡᠭᠡᠢ ᠬᠡᠷᠡᠭᠵᠢᠭᠦᠯᠵᠦ | ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠪᠣᠷᠣᠭᠵᠢᠭᠤᠨ ᠠᠷᠠᠳ ᠤᠨ | ᠰᠤᠷᠲᠠᠯ ᠢ ᠪᠤᠶᠢᠵᠢᠭᠤᠯᠤᠨ᠎ᠠ᠃ | 8. ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠴᠢᠩᠭ᠎ᠠ ᠵᠢᠷᠤᠮᠯᠠᠨ᠂ ᠨᠠᠮ ᠤᠨ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢ ᠡᠷᠡᠰ ᠬᠦᠷᠢᠶᠡᠯᠡᠵᠦ᠂ ᠬᠠᠤᠯᠢ ᠴᠠᠭᠠᠵᠠ ᠶᠢᠨ ᠡᠮᠦᠨ᠎ᠡ ᠬᠥᠮᠦᠨ ᠪᠦᠬᠦᠨ ᠡᠷᠬᠡ ᠲᠡᠭᠰᠢ | ᠪᠠᠶᠢᠬᠤ ᠶᠢ ᠪᠠᠷᠢᠮᠲᠠᠯᠠᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠳᠠᠯᠢ ᠬᠠᠤᠯᠢ ᠴᠠᠭᠠᠵᠠ ᠶᠢᠨ ᠪᠠᠶᠢᠷᠢ | ᠰᠠᠭᠤᠷᠢ ᠲᠠᠢ ᠪᠠᠶᠢᠬᠤ᠂ ᠠᠳᠠᠯᠢ ᠲᠡᠭᠰᠢ ᠡᠷᠬᠡ ᠡᠳ᠋ᠯᠡᠬᠦ ᠶᠢ ᠦᠨᠡᠨ ᠬᠦ ᠪᠠᠲᠤᠯᠠᠨ᠎ᠠ᠃ | 9. ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠪᠠᠲᠤ ᠪᠣᠢ ᠪᠣᠯᠭᠠᠵᠤ᠂ | ᠤᠯᠤᠰ ᠤᠨ ᠤᠬᠠᠮᠰᠠᠷ᠂ ᠠᠷᠠᠳ ᠢᠷᠭᠡᠳ ᠤᠨ ᠤᠬᠠᠮᠰᠠᠷ᠂ ᠬᠠᠤᠯᠢᠵᠢᠯ ᠤᠨ ᠤᠬᠠᠮᠰᠠᠷ ᠢᠶᠠᠨ ᠴᠢᠩᠭᠠᠳᠬᠠᠵᠤ᠂ | ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ | ᠤᠬᠠᠮᠰᠠᠷ ᠠᠴᠠ ᠪᠠᠨ ᠡᠬᠡ ᠤᠯᠤᠰ ᠤᠨ ᠨᠢᠭᠡᠳᠦᠯ ᠢ ᠬᠠᠮᠠᠭᠠᠯᠠᠵᠤ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠵᠤ᠂ | ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠬᠡᠷᠡᠭᠲᠡᠢ᠃ ᠠᠷᠠᠳ ᠲᠦᠮᠡᠨ ᠳᠤ ᠬᠤᠣᠷ ᠬᠥᠨᠥᠭᠡᠯ ᠤᠴᠠᠷᠠᠭᠤᠯᠬᠤ᠂ | ᠨᠡᠶᠢᠭᠡᠮ ᠳᠤ ᠬᠤᠣᠷ ᠬᠥᠨᠥᠭᠡᠯ ᠤᠴᠠᠷᠠᠭᠤᠯᠬᠤ᠂ ᠤᠯᠤᠰ ᠣᠷᠣᠨ ᠳᠤ ᠬᠤᠣᠷ ᠬᠥᠨᠥᠭᠡᠯ ᠤᠴᠠᠷᠠᠭᠤᠯᠬᠤ | ᠠᠵᠢᠯᠯᠠᠭ᠎ᠠ ᠲᠠᠢ ᠡᠷᠡᠰ ᠲᠡᠮᠡᠴᠡᠬᠦ ᠬᠡᠷᠡᠭᠲᠡᠢ᠃ |