ᠪᠣᠷᠣᠭᠠᠨ ᠤ ᠪᠠᠶᠢᠳᠠᠯ ᠪᠣᠯ ᠳᠠᠷᠤᠢ ᠵᠠᠷᠯᠢᠭ ᠮᠥᠨ᠂ ᠠᠮᠤᠷ ᠲᠦᠪᠰᠢᠨ ᠠᠯᠢᠪᠠ ᠠᠴᠠ ᠶᠡᠭᠡ ᠶᠤᠮ᠃ | 8ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨ᠎ᠠ᠂ ᠰᠢ ᠳ᠋ᠧᠦ ᠫᠦ᠋ ᠪᠠᠯᠭᠠᠰᠤ ᠭᠡᠨᠡᠳᠲᠡ ᠶᠢᠨ | ᠬᠤᠭᠤᠴᠠᠭᠠᠨ ᠳᠤ ᠰᠢᠷᠦᠭᠦᠨ ᠪᠣᠷᠣᠭᠠᠨ ᠣᠷᠣᠵᠤ᠂ ᠪᠣᠷᠣᠭᠠᠨ ᠤ ᠳᠠᠷᠠᠭ᠎ᠠ ᠣᠷᠣᠰᠢᠵᠤ ᠮᠡᠳᠡᠬᠦ ᠠᠮᠤᠷ ᠲᠦᠪᠰᠢᠨ ᠤ | ᠳᠠᠯᠳᠠ ᠭᠡᠮ ᠢ ᠦᠨᠡᠨ ᠬᠦ ᠲᠣᠳᠣᠷᠬᠠᠢ ᠣᠶᠢᠯᠠᠭᠠᠵᠤ᠂ ᠥᠷᠭᠡᠨ ᠣᠯᠠᠨ ᠲᠦᠮᠡᠨ ᠤ ᠶᠠᠪᠤᠵᠤ ᠰᠠᠭᠤᠬᠤ ᠠᠮᠤᠷ | ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠰᠢ ᠳ᠋ᠧᠦ ᠫᠦ᠋ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠳᠲᠡᠷ ᠲᠦᠷᠭᠡᠨ ᠬᠥᠳᠡᠯᠦᠯᠴᠡᠪᠡ᠃ | ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ | ᠡᠷᠬᠢᠯᠡᠭᠴᠢ ᠯᠢ ᠯᠢᠩ ᠪᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠳᠠᠷᠤᠭ᠎ᠠ | ᠯᠢᠦᠢ ᠸᠧᠢ ᠪᠣᠷᠣᠭᠠᠨ ᠤ ᠳᠠᠷᠠᠭᠠᠬᠢ ᠤᠰᠤᠨ ᠳᠤ ᠬᠤᠯᠪᠣᠭᠳᠠᠭᠰᠠᠨ ᠵᠠᠮ ᠬᠠᠷᠢᠯᠴᠠᠭᠠᠨ ᠤ ᠠᠮᠤᠷ ᠲᠦᠪᠰᠢᠨ ᠤ | ᠪᠠᠶᠢᠳᠠᠯ ᠢ ᠲᠡᠷᠡ ᠳᠠᠷᠤᠢ ᠳᠤᠨᠢ ᠲᠤᠬᠠᠢ ᠶᠢᠨ ᠭᠠᠵᠠᠷ ᠲᠤᠨᠢ ᠪᠠᠶᠢᠴᠠᠭᠠᠵᠤ᠂ ᠦᠶᠡᠷ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃ ᠵᠡᠭᠦᠨ ᠪᠠᠷᠠᠭᠤᠨ ᠭᠤᠯᠭᠤᠭᠤᠷ ᠢᠶᠠᠷ ᠨᠡᠩ | ᠣᠯᠠᠨ ᠪᠠᠶᠢᠴᠠᠭᠠᠨ ᠦᠵᠡᠬᠦ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠬᠦ ᠶᠠᠪᠤᠴᠠ ᠳᠤ᠂ ᠰᠢᠨ ᠮᠢᠨ | ᠲᠣᠰᠬᠤᠨ ᠤ ᠭᠤᠯᠳᠤᠩ ᠬᠥᠭᠦᠷᠭᠡ ᠶᠢᠨ ᠠᠭᠤᠢ ᠬᠢᠭᠡᠳ ᠭᠤᠣᠯ ᠵᠠᠮ ᠤᠨ ᠠᠭᠤᠯᠵᠠᠷ ᠭᠠᠵᠠᠷ ᠲᠤ ᠨᠡᠯᠢᠶᠡᠳ | ᠲᠦᠷᠭᠡᠨ ᠤᠷᠤᠰᠬᠠᠯ ᠥᠩᠭᠡᠷᠡᠵᠦ ᠲᠡᠷᠭᠡ ᠬᠥᠰᠬᠡ ᠶᠢᠨ ᠬᠡᠪ ᠤᠨ ᠠᠶᠠᠯᠠᠯ ᠢ ᠨᠥᠯᠥᠭᠡᠯᠡᠵᠦ᠂ ᠵᠣᠬᠢᠬᠤ ᠵᠠᠮ ᠤᠨ | ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠨ᠎ᠠ᠃ ᠯᠢ ᠯᠢᠩ ᠪᠢᠨ ᠲᠡᠷᠡ ᠳᠠᠷᠤᠢ ᠳᠤᠨᠢ ᠤᠰᠤᠨ ᠵᠠᠮ ᠤᠨ | ᠭᠠᠳᠠᠷᠭᠤ ᠳᠤ ᠬᠦᠷᠴᠦ᠂ ᠨᠡᠪᠲᠡᠷᠡᠬᠦ ᠶᠢ ᠴᠠᠭᠠᠵᠠᠯᠠᠬᠤ ᠵᠢᠭᠠᠯᠲᠠ ᠶᠢᠨ ᠫᠠᠶᠢᠰᠠ ᠭᠠᠷᠭᠠᠵᠤ᠂ ᠲᠡᠷᠭᠡ ᠬᠥᠰᠬᠡ ᠶᠢ | ᠡᠮᠬᠢ ᠵᠢᠷᠤᠮ ᠲᠠᠢ ᠠᠮᠤᠷ ᠲᠦᠪᠰᠢᠨ ᠢᠶᠠᠷ ᠥᠩᠭᠡᠷᠡᠵᠦ᠂ ᠲᠡᠷᠭᠡᠨ ᠠᠴᠠ ᠡᠮᠦᠨ᠎ᠡ ᠠᠷᠠᠳ ᠣᠯᠠᠨ ᠤ ᠪᠣᠷᠣᠭᠠᠨ ᠤ | ᠳᠠᠷᠠᠭᠠᠬᠢ ︽ᠵᠠᠮᠴᠢᠯᠠᠭᠴᠢ︾ ᠪᠣᠯᠤᠭᠰᠠᠨ ᠪᠠᠶᠢᠨ᠎ᠠ︔ ᠭᠤᠣᠯ ᠤᠨ ᠤᠰᠤ ᠨᠡᠯᠢᠶᠡᠳ ᠪᠠᠴᠢᠮ ᠪᠠᠶᠢᠭ᠎ᠠ | ᠠᠭᠤᠯᠵᠠᠷ ᠲᠤ ᠯᠢᠦᠢ ᠸᠧᠢ ᠲᠡᠷᠭᠡᠨ ᠤ ᠤᠷᠤᠰᠬᠠᠯ ᠤᠨ ᠡᠮᠦᠨ᠎ᠡ ᠬᠠᠰᠢᠵᠤ᠂ ᠤᠳᠬᠤᠭᠤᠷ ᠲᠡᠷᠭᠡ ᠶᠢ ᠵᠢᠯᠣᠭᠤᠳᠤᠨ | ᠵᠠᠮ ᠤᠨ ᠰᠠᠭᠠᠳ ᠢ ᠠᠷᠢᠯᠭᠠᠵᠤ᠂ ᠠᠶᠤᠯ ᠳᠤ ᠤᠴᠠᠷᠠᠭᠰᠠᠨ ᠲᠡᠷᠭᠡ ᠶᠢ ᠠᠪᠤᠷᠠᠨ ᠲᠤᠰᠠᠯᠠᠵᠤ᠂ ᠠᠷᠠᠳ ᠣᠯᠠᠨ ᠤ | ᠠᠮᠤᠷ ᠲᠦᠪᠰᠢᠨ ᠤ ︽ᠬᠠᠮᠠᠭᠠᠯᠠᠭᠴᠢ︾ ᠪᠣᠯᠤᠭᠰᠠᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠰᠢ ᠳ᠋ᠧᠦ ᠫᠦ᠋ ᠪᠠᠯᠭᠠᠰᠤ ᠣᠳᠣᠬᠠᠨ ᠤ ᠴᠠᠭ ᠠᠭᠤᠷ᠂ ᠵᠠᠮ ᠤᠨ ᠪᠠᠶᠢᠳᠠᠯ ᠢ | ᠦᠷᠭᠦᠯᠵᠢᠯᠡᠨ ᠠᠩᠬᠠᠷᠴᠤ᠂ ᠸᠢᠴᠠᠲ ᠤᠨ ᠬᠤᠯᠪᠣᠭ᠎ᠠ ᠶᠢ ᠠᠰᠢᠭᠯᠠᠨ ᠴᠢᠬᠤᠯᠠ ᠴᠠᠭ ᠠᠭᠤᠷ ᠤᠨ ᠤᠷᠢᠳᠴᠢᠯᠠᠭᠰᠠᠨ | ᠮᠡᠳᠡᠭᠡ ᠪᠠ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠠᠶᠤᠯ | ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠵᠤ ᠵᠢᠵᠢᠭᠦᠷᠯᠡᠨ ᠰᠠᠬᠢᠬᠤ᠂ | ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ᠂ ᠭᠤᠣᠯ ᠤᠨ ᠵᠠᠮ ᠢ ᠨᠡᠪᠲᠡᠷᠡᠭᠦᠯᠦᠨ ᠵᠠᠰᠠᠬᠤ ᠵᠡᠷᠭᠡ ᠠᠵᠢᠯ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠷᠢᠶᠠᠲᠤ ᠣᠷᠣᠨ ᠤ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ |