ᠶᠠᠩ ᠭᠧ ᠯᠧᠩ ᠨᠡᠶᠢᠭᠡᠮ ᠲᠣᠭᠤᠷᠢᠭ ︽ᠬᠡᠪ ᠵᠠᠩᠰᠢᠯ ᠢ ᠥᠭᠡᠷᠡᠴᠢᠯᠡᠬᠦ ᠳᠤ ᠪᠢ ᠬᠡᠦᠬᠡᠳ ᠤᠨ ᠰᠡᠳᠬᠢᠯ ᠢ ᠨᠢᠭᠡᠳᠬᠡᠵᠦ ᠭᠠᠷ ᠤᠷᠠᠯᠠᠯ ᠤᠨ ᠪᠣᠯᠪᠠᠰᠤᠨ ᠢ ᠵᠢᠷᠤᠬᠤ︾ ᠭᠤᠣᠯ ᠰᠡᠳᠦᠪᠲᠦ ᠤᠷᠠᠨ ᠵᠢᠷᠤᠭ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/6
    ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠨᠠᠰᠤᠨ ᠳᠤ ᠦᠯᠦ ᠬᠦᠷᠦᠭᠰᠡᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠪᠣᠳᠠᠲᠤ ᠠᠵᠢᠯᠯᠠᠭ᠎ᠠ ᠪᠠᠷ ᠢᠶᠠᠨ ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠪᠠᠳᠠᠷᠠᠭᠤᠯᠬᠤ ᠶᠢᠨ ᠲᠥᠯᠥᠭᠡ᠂ ᠣᠶᠢᠷ᠎ᠠ ᠳᠤ᠂ ᠶᠠᠩ ᠭᠧ ᠯᠧᠩ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ︽ᠬᠡᠪ ᠵᠠᠩᠰᠢᠯ ᠢ ᠥᠭᠡᠷᠡᠴᠢᠯᠡᠬᠦ ᠳᠤ ᠪᠢ ᠬᠡᠦᠬᠡᠳ ᠤᠨ ᠰᠡᠳᠬᠢᠯ ᠢ ᠵᠠᠰᠠᠵᠤ ᠬᠡᠦᠬᠡᠳ ᠤᠨ ᠭᠠᠷ ᠢᠶᠠᠷ ᠪᠣᠯᠪᠠᠰᠤᠨ ᠢ ᠵᠢᠷᠤᠬᠤ︾ ᠭᠤᠣᠯ ᠰᠡᠳᠦᠪᠲᠦ ᠤᠷᠠᠨ ᠵᠢᠷᠤᠭ ᠤᠨ ᠠᠵᠢᠯᠯᠠᠭ᠎ᠠ ᠥᠷᠨᠢᠭᠦᠯᠪᠡ᠃     ᠵᠢᠷᠤᠭ ᠵᠢᠷᠤᠬᠤ ᠨᠢ ᠴᠣᠪᠣᠭᠤ ᠳᠡᠭᠵᠢᠨ ᠠᠭᠤᠷ ᠠᠮᠢᠰᠬᠤᠯ ᠢ ᠪᠣᠢ ᠪᠣᠯᠭᠠᠵᠤ᠂ ᠬᠡᠦᠬᠡᠳ ᠤᠨ ᠵᠣᠷᠢᠭᠲᠠᠢ ᠲᠤᠷᠰᠢᠬᠤ ᠶᠢ ᠵᠣᠷᠢᠭᠵᠢᠭᠤᠯᠤᠨ᠂ ᠢᠲᠡᠭᠡᠯ ᠵᠣᠷᠢᠭ ᠢᠶᠠᠨ ᠳᠡᠭᠡᠭᠰᠢᠯᠡᠭᠦᠯᠵᠦ᠂ ᠨᠢᠯᠬ᠎ᠠ ᠬᠡᠦᠬᠡᠳ ᠤᠨ ᠠᠩᠬᠠᠷᠬᠤ ᠴᠢᠳᠠᠪᠤᠷᠢ ᠪᠠ ᠠᠵᠢᠭᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠤᠷᠠᠨ ᠰᠡᠳᠬᠢᠬᠦ ᠴᠢᠳᠠᠪᠤᠷᠢ ᠪᠠᠨ ᠭᠦᠢᠴᠡᠳ ᠪᠠᠳᠠᠷᠠᠭᠤᠯᠬᠤ ᠶᠢ ᠵᠣᠷᠢᠭᠵᠢᠭᠤᠯᠤᠨ᠎ᠠ ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠢᠴᠢᠬᠠᠨ ᠨᠠᠶᠢᠵᠠ ᠨᠠᠷ ᠸᠢᠳᠢᠣ᠋ ᠶᠢ ᠦᠵᠡᠬᠦ᠂ ᠤᠬᠠᠭᠤᠯᠭ᠎ᠠ ᠶᠢᠨ ᠵᠢᠷᠤᠭ ᠦᠵᠡᠬᠦ ᠪᠠᠷ ᠳᠠᠮᠵᠢᠭᠤᠯᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠪᠣᠯᠪᠠᠰᠤᠨ ᠶᠣᠰᠣᠷᠬᠠᠭ ᠪᠠᠶᠢᠬᠤ᠂ ᠰᠢᠨᠵᠢᠯᠡᠬᠦ ᠤᠬᠠᠭᠠᠨ ᠢ ᠡᠷᠬᠢᠮᠯᠡᠬᠦ᠂ ᠣᠷᠴᠢᠨ ᠲᠣᠭᠤᠷᠢᠨ ᠢ ᠬᠠᠶᠢᠷᠠᠯᠠᠬᠤ᠂ ᠬᠡᠭᠡᠷ᠎ᠡ ᠶᠢᠨ ᠦᠨᠦᠷ ᠠᠮᠲᠠ ᠶᠢ ᠲᠡᠪᠴᠢᠬᠦ᠂ ᠪᠣᠯᠪᠠᠰᠤᠨ ᠵᠠᠮ ᠬᠠᠷᠢᠯᠴᠠᠭ᠎ᠠ ᠶᠢ ᠡᠷᠬᠢᠮᠯᠡᠬᠦ ᠵᠡᠷᠭᠡ ᠠᠭᠤᠯᠭ᠎ᠠ ᠶᠢ ᠰᠤᠷᠤᠯᠴᠠᠪᠠ᠃ ᠳᠠᠷᠠᠭ᠎ᠠ ᠨᠢ᠂ ᠪᠢᠴᠢᠬᠠᠨ ᠨᠠᠶᠢᠵᠠ ᠨᠠᠷ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠶᠢᠨ ᠵᠢᠯᠣᠭᠤᠳᠣᠯᠭ᠎ᠠ ᠳᠣᠣᠷ᠎ᠠ᠂ ᠥᠪᠡᠷ ᠤᠨ ᠳᠦᠷᠰᠦᠯᠡᠨ ᠪᠣᠳᠣᠬᠤ ᠴᠢᠳᠠᠪᠤᠷᠢ ᠪᠣᠯᠤᠨ ᠪᠦᠲᠦᠭᠡᠯᠴᠢ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠵᠢᠷᠤᠭ ᠤᠨ ᠬᠡᠯᠪᠡᠷᠢ ᠪᠠᠷ ᠥᠪᠡᠷ ᠤᠨ ᠬᠡᠪ ᠵᠠᠩᠰᠢᠯ ᠢᠶᠠᠨ ᠥᠭᠡᠷᠡᠴᠢᠯᠡᠬᠦ ᠲᠤᠬᠠᠢ ᠣᠶᠢᠯᠠᠭᠠᠯᠲᠠ᠂ ᠣᠶᠢᠯᠠᠭᠠᠯᠲᠠ ᠪᠠᠨ ᠠᠮᠢᠳᠤᠯᠢᠭ ᠢᠯᠡᠷᠡᠭᠦᠯᠵᠦ᠂ ᠲᠡᠳᠡᠨ ᠤ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠰᠢᠨᠵᠢᠯᠡᠬᠦ ᠤᠬᠠᠭᠠᠨ ᠢ ᠡᠷᠬᠢᠮᠯᠡᠬᠦ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠬᠠᠶᠢᠷᠠᠯᠠᠬᠤ ᠰᠢᠨ᠎ᠡ ᠬᠡᠪ ᠰᠤᠷᠲᠠᠯ ᠢ ᠢᠯᠡᠷᠡᠭᠦᠯᠪᠡ᠃     ᠨᠡᠶᠢᠭᠡᠮ ᠲᠣᠭᠤᠷᠢᠭ ᠤᠨ ᠤᠷᠠᠨ ᠵᠢᠷᠤᠭ ᠤᠨ ᠠᠵᠢᠯᠯᠠᠭ᠎ᠠ ᠨᠢ ᠬᠡᠦᠬᠡᠳ ᠤᠨ ᠤᠷᠠᠨ ᠵᠢᠷᠤᠭ ᠤᠨ ᠠᠵᠢᠯᠯᠠᠭ᠎ᠠ ᠳᠤ ᠳᠤᠷ᠎ᠠ ᠰᠣᠨᠢᠷᠬᠠᠯ ᠪᠠ ᠬᠠᠯᠠᠭᠤᠨ ᠰᠡᠳᠬᠢᠯᠭᠡ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠬᠡᠦᠬᠡᠳ ᠤᠳ ᠲᠤ ᠪᠠᠶᠠᠷ ᠪᠠᠶᠠᠰᠤᠯ ᠬᠦᠷᠲᠡᠭᠡᠭᠰᠡᠨ ᠪᠠᠶᠢᠨ᠎ᠠ᠃ ᠡᠭᠦᠨ ᠤ ᠬᠠᠮᠲᠤ ᠠᠵᠢᠯᠯᠠᠭ᠎ᠠ ᠶᠢᠨ ᠳᠤᠮᠳᠠ ᠪᠠᠰᠠ ᠬᠡᠦᠬᠡᠳ ᠤᠳ ᠲᠤ ᠬᠡᠪ ᠵᠠᠩᠰᠢᠯ ᠢ ᠥᠭᠡᠷᠡᠴᠢᠯᠡᠬᠦ ᠮᠡᠳᠡᠯᠭᠡ ᠶᠢ ᠤᠬᠠᠭᠤᠯᠪᠠ᠃ ᠰᠣᠨᠢᠷᠬᠠᠯᠲᠠᠢ ᠠᠵᠢᠯᠯᠠᠭ᠎ᠠ ᠪᠠᠷ ᠳᠠᠮᠵᠢᠭᠤᠯᠤᠨ᠂ ᠬᠡᠦᠬᠡᠳ ᠤᠳ ᠵᠠᠩ ᠳᠠᠳᠬᠠᠯ ᠢ ᠥᠭᠡᠷᠡᠴᠢᠯᠡᠬᠦ ᠮᠡᠳᠡᠯᠭᠡ ᠶᠢᠨ ᠲᠤᠬᠠᠢ ᠣᠶᠢᠯᠠᠭᠠᠯᠲᠠ ᠶᠢ ᠨᠡᠩ ᠭᠦᠨ ᠭᠦᠨᠵᠡᠭᠡᠢ ᠪᠣᠯᠭᠠᠵᠤ᠂ ᠬᠡᠦᠬᠡᠳ ᠤᠨ ᠬᠡᠪ ᠵᠠᠩᠰᠢᠯ ᠢ ᠥᠭᠡᠷᠡᠴᠢᠯᠡᠬᠦ ᠲᠤᠬᠠᠢ ᠰᠠᠭᠤᠭᠳᠠᠯ ᠢ ᠭᠦᠨᠵᠡᠭᠡᠶᠢᠷᠡᠭᠦᠯᠵᠦ᠂ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠰᠢᠨᠵᠢᠯᠡᠬᠦ ᠤᠬᠠᠭᠠᠨ ᠢ ᠡᠷᠬᠢᠮᠯᠡᠬᠦ ᠂ ᠨᠡᠩ ᠡᠷᠡᠭᠦᠯ ᠪᠠᠶᠠᠷ ᠪᠠᠶᠠᠰᠬᠤᠯᠠᠩ ᠲᠠᠢ ᠪᠠᠷ ᠥᠰᠦᠨ ᠪᠤᠶᠢᠵᠢᠬᠤ  ᠶᠢ ᠠᠬᠢᠭᠤᠯᠣᠨ᠎ᠠ᠃
 
ᠢᠷᠡᠯᠲᠡ᠄ ᠵᠢᠨᠱᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号