8 ᠰᠠᠷ᠎ᠠ ᠶᠢᠨ 3 ᠤ ᠡᠳᠦᠷ᠂ ᠭᠦᠶᠡᠩ ᠰᠢᠶᠠᠨ ᠤ 2024 ᠣᠨ ᠳᠤ ᠰᠢᠨ᠎ᠡ ᠪᠠᠷ ᠳᠡᠪᠰᠢᠭᠦᠯᠦᠭᠰᠡᠨ ᠵᠠᠯᠠᠭᠤ | ᠺᠠᠳ᠋ᠷ ᠤᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ | ᠬᠦᠷᠢᠶᠡᠯᠡᠩ ᠲᠣᠭᠤᠷᠢᠭ ᠲᠤ ᠰᠤᠷᠤᠯᠭ᠎ᠠ ᠲᠡᠭᠦᠰᠪᠡ᠃ ᠰᠢᠶᠠᠨ ᠤ ᠨᠠᠮ ᠤᠨ ᠬᠤᠷᠢᠶᠠᠨ ᠤ ᠱᠦᠵᠢ᠂ ᠰᠢᠶᠠᠨ ᠤ | ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠵᠠᠬᠢᠷᠤᠯ ᠶᠣᠣ ᠵᠢᠶᠦ᠋ᠨ ᠵᠢᠶᠧ ᠰᠤᠷᠤᠯᠭ᠎ᠠ ᠲᠡᠭᠦᠰᠬᠦ | ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠵᠠᠯᠠᠭᠤ ᠺᠠᠳ᠋ᠷᠴᠤᠳ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠢᠮᠠᠭᠲᠠ ᠲᠤᠰ | ᠪᠡᠶ᠎ᠡ ᠶᠢᠨ ᠡᠷᠡᠭᠦᠯ ᠢᠶᠠᠷ ᠥᠰᠦᠨ ᠪᠤᠶᠢᠵᠢᠬᠤ ᠶᠢ ᠵᠢᠯᠣᠭᠤᠳᠬᠤ ᠠᠵᠢᠯᠯᠠᠭᠠᠨ ᠤ ᠵᠦᠭᠯᠡᠭᠦᠷ ᠪᠠ ᠬᠦᠴᠦᠷᠬᠡᠭ ᠶᠡᠭᠡ | ᠣᠶᠤᠨ ᠰᠠᠨᠠᠭᠠᠨ ᠤ ᠬᠥᠳᠡᠯᠭᠡᠬᠦ ᠬᠦᠴᠦᠨ ᠪᠣᠯᠭᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ | ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭᠠᠨ ᠤ ᠳᠠᠪᠲᠠᠯᠲᠠ᠂ | ᠤᠯᠤᠰ ᠲᠥᠷᠥ ᠶᠢᠨ ᠳᠠᠪᠲᠠᠯᠲᠠ᠂ ᠦᠢᠯᠡᠳᠦᠯᠭᠡ ᠶᠢᠨ ᠳᠠᠪᠲᠠᠯᠲᠠ ᠶᠢ ᠴᠢᠩᠭᠠᠳᠬᠠᠵᠤ᠂ ᠨᠠᠮ ᠳᠠᠭᠠᠨ ᠦᠨᠡᠨᠴᠢ | ᠰᠢᠳᠤᠷᠭᠤ ᠪᠠᠶᠢᠬᠤ ᠤᠯᠤᠰ ᠲᠥᠷᠥ ᠶᠢᠨ ᠬᠡᠪ ᠴᠢᠨᠠᠷ ᠢ ᠳᠠᠪᠲᠠᠨ ᠪᠣᠯᠪᠠᠰᠤᠷᠠᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠭᠰᠠᠨ ᠭᠦᠶᠡᠩ ᠰᠢᠨ᠎ᠡ ᠠᠶᠠᠨ ᠳᠤ ᠠᠩᠬᠠᠷᠤᠯ ᠢᠶᠠᠨ ᠲᠥᠪᠯᠡᠷᠡᠭᠦᠯᠬᠦ ᠤᠯᠤᠰ ᠲᠥᠷᠥ ᠶᠢᠨ | ᠡᠭᠦᠷᠭᠡᠯᠡᠯ ᠢᠶᠠᠨ ᠴᠢᠩᠭᠠᠳᠬᠠᠵᠤ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠤᠯᠤᠰ ᠲᠥᠷᠥ ᠶᠢᠨ ᠤᠤᠷ | ᠴᠢᠨᠠᠷ ᠢᠶᠠᠨ ᠡᠭᠦᠷᠢᠳᠡ ᠪᠠᠲᠤᠯᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ | ᠰᠢᠯᠢᠳᠡᠭ ᠵᠠᠯᠠᠭᠤ ᠺᠠᠳ᠋ᠷ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠲᠤᠰ ᠬᠤᠭᠤᠴᠠᠭᠠᠨ ᠤ ᠪᠣᠯᠪᠠᠰᠤᠷᠠᠯ ᠤᠨ ᠠᠩᠭᠢ 7 ᠰᠠᠷ᠎ᠠ ᠶᠢᠨ 12 ᠤᠨ ᠡᠳᠦᠷ ᠠᠴᠠ ᠡᠬᠢᠯᠡᠨ᠂ ᠭᠠᠷᠠᠭ | ᠪᠦᠷᠢ ᠭᠠᠷᠠᠭ ᠤᠨ ᠲᠠᠪᠤ᠂ ᠭᠠᠷᠠᠭ ᠤᠨ ᠵᠢᠷᠭᠤᠭᠠᠨ ᠢ ᠠᠰᠢᠭᠯᠠᠨ ᠪᠢᠲᠡᠭᠦᠮᠵᠢᠯᠡᠭᠰᠡᠨ ᠮᠠᠶ᠋ᠢᠭ ᠤᠨ ᠰᠤᠷᠤᠯᠴᠠᠯᠭ᠎ᠠ | ᠪᠣᠯᠪᠠᠰᠤᠷᠠᠭᠤᠯᠤᠯ ᠬᠢᠵᠦ᠂ ᠪᠥᠬᠦ ᠰᠢᠶᠠᠨ ᠤ 40 ᠨᠠᠰᠤᠨ ᠠᠴᠠ ᠳᠣᠷᠣᠭᠰᠢᠬᠢ ᠰᠠᠯᠠᠭᠠᠨ ᠳᠡᠰ ᠤᠨ 63 ᠺᠠᠳ᠋ᠷ | ᠪᠣᠯᠪᠠᠰᠤᠷᠠᠯ ᠳᠤ ᠣᠷᠣᠯᠴᠠᠪᠠ᠃ ᠪᠣᠯᠪᠠᠰᠤᠷᠠᠯ ᠤᠨ ᠠᠩᠭᠢ ᠶᠢᠨ ᠬᠤᠭᠤᠴᠠᠭᠠᠨ ᠳᠤ᠂ ᠪᠦᠬᠦ ᠰᠤᠷᠤᠭᠴᠢᠳ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠠᠷᠢᠭᠤᠨ ᠴᠢᠬᠡᠴᠢ ᠶᠢᠨ ᠬᠥᠮᠦᠵᠢᠯ᠂ | ᠵᠠᠬᠢᠳᠠᠯ ᠰᠤᠷᠪᠤᠯᠵᠢᠯᠠᠭ᠎ᠠ ᠶᠢᠨ ᠠᠵᠢᠯ ᠵᠡᠷᠭᠡ ᠲᠤᠰᠬᠠᠢ ᠰᠡᠳᠦᠪᠲᠦ ᠬᠢᠴᠢᠶᠡᠯ ᠢ ᠨᠠᠷᠢᠨ ᠬᠢᠨᠠᠮᠠᠭᠠᠢ ᠰᠤᠷᠤᠯᠴᠠᠨ ᠪᠠᠲᠤ | ᠴᠣᠭᠴᠠᠯᠠᠵᠤ᠂ ᠪᠥᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠭᠦᠶᠡᠩ | ᠰᠢᠶᠠᠨ ᠤ ᠬᠥᠳᠡᠭᠡ ᠲᠣᠰᠬᠤᠨ ᠤ ᠵᠠᠰᠠᠯᠲᠠ ᠵᠡᠷᠭᠡ ᠰᠡᠳᠦᠪ ᠤᠨ ᠲᠣᠭᠤᠷᠢᠨ ᠳᠤ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠵᠠᠯᠠᠭᠤ ᠺᠠᠳ᠋ᠷᠴᠤᠳ ᠤᠨ | ᠰᠤᠷᠤᠯᠴᠠᠬᠤ ᠬᠦᠴᠦᠨ᠂ ᠬᠡᠷᠡᠭᠵᠢᠭᠦᠯᠬᠦ ᠬᠦᠴᠦᠨ᠂ ᠤᠳᠤᠷᠢᠳᠬᠤ ᠬᠦᠴᠦᠨ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠣᠨᠣᠯ ᠤᠨ ᠲᠦᠪᠰᠢᠨ ᠢᠶᠠᠨ ᠳᠠᠬᠢᠨ ᠴᠢᠩᠭᠠᠳᠬᠠᠬᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ | ᠳᠠᠬᠢᠨ ᠳᠡᠭᠡᠭᠰᠢᠯᠡᠭᠦᠯᠬᠦ᠂ ᠴᠢᠳᠠᠪᠤᠷᠢ ᠪᠠᠨ ᠳᠠᠬᠢᠨ ᠳᠡᠭᠡᠭᠰᠢᠯᠡᠭᠦᠯᠬᠦ ᠰᠤᠷᠤᠯᠴᠠᠯᠭ᠎ᠠ ᠶᠢᠨ ᠬᠠᠷᠠᠯᠲᠠ ᠪᠠᠨ ᠪᠡᠶᠡᠯᠡᠭᠦᠯᠵᠦ | ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠣᠪᠣᠷ ᠰᠤᠷᠲᠠᠯ ᠰᠢᠯᠢᠳᠡᠭ ᠰᠠᠶᠢᠨ᠂ ᠰᠢᠨ᠎ᠡ ᠴᠠᠭ ᠦᠶ᠎ᠡ ᠶᠢᠨ | ᠱᠠᠭᠠᠷᠳᠠᠯᠭ᠎ᠠ ᠳᠤ ᠵᠣᠬᠢᠴᠠᠭᠰᠠᠨ ᠰᠢᠨ᠎ᠡ ᠴᠠᠭ ᠦᠶ᠎ᠡ ᠶᠢᠨ ᠵᠠᠯᠠᠭᠤ ᠺᠠᠳ᠋ᠷᠴᠤᠳ ᠤᠨ ᠡᠩᠨᠡᠭᠡ ᠶᠢ ᠬᠥᠮᠦᠵᠢᠭᠦᠯᠬᠦ ᠳᠤ | ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ | ᠶᠣᠣ ᠵᠢᠶᠦ᠋ᠨ ᠵᠢᠶᠧ ᠰᠤᠷᠤᠯᠭ᠎ᠠ ᠲᠡᠭᠦᠰᠬᠦ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠨᠢᠭᠡ ᠺᠠᠳ᠋ᠷ ᠤᠨ | ᠥᠰᠦᠨ ᠪᠤᠶᠢᠵᠢᠬᠤ ᠳᠤ ᠲᠤᠰ ᠪᠡᠶ᠎ᠡ ᠶᠢᠨ ᠴᠢᠷᠮᠠᠶᠢᠯᠭ᠎ᠠ ᠪᠠᠶᠢᠬᠤ ᠴᠢᠬᠤᠯᠠᠲᠠᠢ᠂ ᠵᠣᠬᠢᠶᠠᠨ ᠪᠠᠶᠢᠭᠤᠯᠤᠯᠲᠠ ᠶᠢᠨ | ᠬᠠᠯᠠᠮᠵᠢᠯᠠᠯ ᠪᠠ ᠬᠥᠮᠦᠵᠢᠭᠦᠯᠦᠯ ᠢ ᠨᠠᠩ ᠴᠢᠬᠤᠯᠠᠲᠠᠢ᠂ ᠥᠷᠭᠡᠨ ᠣᠯᠠᠨ ᠵᠠᠯᠠᠭᠤ ᠺᠠᠳ᠋ᠷᠴᠤᠳ ᠵᠣᠬᠢᠶᠠᠨ | ᠪᠠᠶᠢᠭᠤᠯᠤᠯᠲᠠ ᠶᠢᠨ ᠰᠡᠳᠬᠢᠯ ᠰᠠᠨᠠᠭ᠎ᠠ ᠪᠠᠨ ᠭᠦᠨᠵᠡᠭᠡᠢ ᠣᠶᠢᠯᠠᠭᠠᠵᠤ᠂ ᠲᠤᠰ ᠤᠳᠠᠭᠠᠨ ᠤ ᠪᠣᠯᠪᠠᠰᠤᠷᠠᠯ ᠢᠶᠠᠷ | ᠳᠠᠮᠵᠢᠭᠤᠯᠤᠨ᠂ ᠰᠤᠷᠤᠯᠴᠠᠬᠤ ᠳᠤ ᠰᠡᠳᠬᠢᠬᠦ᠂ ᠰᠤᠷᠤᠯᠴᠠᠬᠤ ᠳᠤ ᠤᠬᠠᠮᠰᠠᠷ ᠲᠠᠢ᠂ ᠰᠤᠷᠤᠯᠴᠠᠬᠤ ᠳᠤ | ᠣᠯᠤᠯᠲᠠ ᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠨᠢᠭᠡ ᠳᠤ ᠬᠦᠰᠡᠯᠡᠩ ᠢᠲᠡᠭᠡᠯ ᠪᠢᠰᠢᠷᠡᠯ ᠢᠶᠠᠨ | ᠪᠠᠲᠤᠳᠬᠠᠬᠤ ᠬᠡᠷᠡᠭᠲᠡᠢ᠃ ᠵᠠᠯᠠᠭᠤ ᠺᠠᠳ᠋ᠷᠴᠤᠳ ᠠᠷᠠᠳ ᠤᠨ ᠲᠥᠯᠥᠭᠡ ᠵᠢᠳᠬᠦᠬᠦ ᠰᠡᠳᠬᠢᠯᠭᠡ ᠪᠠᠨ ᠡᠭᠦᠷᠢᠳᠡ | ᠬᠠᠳᠠᠭᠠᠯᠠᠵᠤ᠂ ᠵᠣᠷᠢᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠬᠥᠮᠦᠨ ᠤ ᠠᠮᠢᠳᠤᠷᠠᠯ ᠤᠨ ᠠᠩᠬᠠᠨ ᠤ | ᠲᠣᠪᠴᠢ ᠶᠢ ᠰᠠᠶᠢᠲᠤᠷ ᠲᠣᠪᠴᠢᠯᠠᠵᠤ᠂ ᠠᠷᠠᠳ ᠲᠦᠮᠡᠨ ᠤ ᠬᠤᠶᠠᠷ ᠦᠰᠦᠭ ᠢ ᠰᠡᠳᠬᠢᠯ ᠳᠡᠭᠡᠨ ᠰᠡᠶᠢᠯᠬᠦ ᠬᠡᠷᠡᠭᠲᠡᠢ᠃ | ᠲᠤᠭ ᠲᠡᠮᠳᠡᠭ ᠲᠣᠳᠣᠷᠬᠠᠢ ᠪᠠᠷ ︽ᠤᠯᠤᠰ ᠲᠥᠷᠥ ᠶᠢ ᠡᠷᠬᠢᠮᠯᠡᠵᠦ︾᠂ ᠨᠠᠮ ᠳᠠᠭᠠᠨ ᠬᠠᠷᠢᠴᠠᠯᠠᠰᠢᠭᠦᠢ ᠦᠨᠡᠨᠴᠢ | ᠰᠢᠳᠤᠷᠭᠤ᠂ ᠬᠠᠷᠢᠴᠠᠯᠠᠰᠢᠭᠦᠢ ᠠᠷᠢᠭᠤᠨ ᠴᠡᠪᠡᠷ᠂ ᠬᠠᠷᠢᠴᠠᠯᠠᠰᠢᠭᠦᠢ ᠨᠠᠶᠢᠳᠠᠪᠤᠷᠢᠲᠠᠢ ᠪᠠᠶᠢᠬᠤ ᠶᠢ ᠪᠡᠶᠡᠯᠡᠭᠦᠯᠬᠦ | ᠬᠡᠷᠡᠭᠲᠡᠢ᠃ ᠰᠠᠬᠢᠯᠭ᠎ᠠ ᠪᠠᠲᠤ ᠶᠣᠰᠣ ᠳᠦᠷᠢᠮ ᠢ ᠴᠢᠩᠭ᠎ᠠ ᠰᠠᠬᠢᠵᠤ᠂ ᠠᠷᠢᠭᠤᠨ ᠴᠢᠬᠡᠴᠢ ᠶᠢᠨ ᠰᠡᠷᠭᠡᠶᠢᠯᠡᠯᠲᠡ ᠶᠢᠨ | ᠱᠤᠭᠤᠮ ᠢ ᠪᠠᠲᠤ ᠴᠣᠭᠴᠠᠯᠠᠵᠤ᠂ ᠦᠵᠡᠯ ᠰᠠᠨᠠᠭᠠᠨ ᠤ ᠳᠠᠪᠲᠠᠯᠲᠠ᠂ ᠤᠯᠤᠰ ᠲᠥᠷᠥ ᠶᠢᠨ ᠳᠠᠪᠲᠠᠯᠲᠠ᠂ | ᠦᠢᠯᠡᠳᠦᠯᠭᠡ ᠶᠢᠨ ᠳᠠᠪᠲᠠᠯᠲᠠ᠂ ᠲᠤᠰᠬᠠᠢ ᠮᠡᠷᠭᠡᠵᠢᠯ ᠤᠨ ᠪᠣᠯᠪᠠᠰᠤᠷᠠᠯ ᠢ ᠦᠷᠭᠦᠯᠵᠢᠯᠡᠨ ᠴᠢᠩᠭᠠᠳᠬᠠᠵᠤ᠂ ᠰᠢᠷᠭᠠᠭᠤ | ᠬᠠᠲᠠᠭᠤᠵᠢᠯᠲᠠᠢ ᠪᠣᠯᠪᠠᠰᠤᠷᠠᠪᠠᠯ ᠬᠠᠷᠢᠭᠤᠴᠠᠯᠭ᠎ᠠ ᠡᠭᠦᠷᠭᠡᠯᠡᠨ᠂ ᠵᠢᠩᠬᠢᠨᠢ ᠡᠷᠳᠡᠮ ᠴᠢᠳᠠᠪᠤᠷᠢ ᠶᠢ ᠪᠣᠯᠪᠠᠰᠤᠷᠠᠭᠤᠯᠵᠤ᠂ | ᠨᠠᠮ ᠤᠨ ᠲᠥᠯᠥᠭᠡ ᠰᠠᠨᠠᠭᠠᠰᠢᠷᠠᠵᠤ᠂ ᠨᠠᠮ ᠤᠨ ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠭᠦᠶᠡᠩ | ᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠪᠤᠤᠬᠢᠶ᠎ᠠ ᠤᠷᠤᠯᠳᠤᠭᠠᠨ ᠢ ᠴᠢᠷᠮᠠᠶᠢᠨ ᠰᠠᠶᠢᠲᠤᠷ ᠵᠠᠮᠨᠠᠬᠤ ᠬᠡᠷᠡᠭᠲᠡᠢ | ᠭᠡᠵᠦ ᠵᠢᠭᠠᠵᠤ ᠭᠠᠷᠭᠠᠪᠠ᠃ ᠬᠤᠶᠠᠷ ᠲᠤ᠂ ᠲᠡᠮᠡᠴᠡᠯ ᠤᠨ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ᠃ ᠵᠠᠯᠠᠭᠤ | ᠺᠠᠳ᠋ᠷᠴᠤᠳ ᠣᠨᠣᠯ ᠢᠶᠠᠷ ᠵᠡᠪᠰᠡᠭᠯᠡᠬᠦ ᠪᠠᠨ ᠴᠢᠩᠭᠠᠳᠬᠠᠵᠤ᠂ ᠰᠤᠷᠤᠯᠴᠠᠬᠤ ᠴᠢᠳᠠᠪᠤᠷᠢ ᠪᠠᠨ ᠳᠡᠭᠡᠭᠰᠢᠯᠡᠭᠦᠯᠵᠦ᠂ | ᠰᠠᠶᠢᠨ ᠰᠠᠶᠢᠬᠠᠨ ᠰᠤᠷᠤᠯᠴᠠᠬᠤ ᠣᠪᠣᠷ ᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠰᠤᠷᠤᠯᠴᠠᠬᠤ ᠠᠷᠭ᠎ᠠ ᠶᠢ | ᠡᠵᠡᠮᠰᠢᠵᠦ᠂ ︽ᠠᠵᠢᠯᠯᠠᠵᠤ ᠰᠤᠷᠤᠯᠴᠠᠬᠤ ᠵᠥᠷᠢᠴᠡᠯ︾ ᠢ ᠵᠥᠪ ᠰᠢᠢᠳᠪᠦᠷᠢᠯᠡᠵᠦ᠂ ᠨᠣᠮ ᠳᠡᠪᠲᠡᠷ ᠠᠴᠠ ᠢᠯᠡᠭᠦᠬᠡᠨ | ᠰᠤᠷᠤᠯᠴᠠᠵᠤ᠂ ᠦᠢᠯᠡᠳᠦᠯᠭᠡ ᠠᠴᠠ ᠰᠤᠷᠤᠯᠴᠠᠵᠤ᠂ ᠥᠩᠭᠡᠷᠡᠭᠰᠡᠨ ᠤ ᠲᠤᠷᠰᠢᠯᠭ᠎ᠠ ᠠᠴᠠ ᠰᠤᠷᠤᠯᠴᠠᠵᠤ᠂ ᠳᠡᠷᠭᠡᠳᠡᠬᠢ | ᠬᠥᠮᠦᠰ ᠠᠴᠠ ᠪᠠᠨ ᠢᠯᠡᠭᠦᠬᠡᠨ ᠰᠤᠷᠤᠯᠴᠠᠵᠤ᠂ ︽ᠬᠠᠷᠢᠭᠤᠯᠬᠤ ᠰᠡᠳᠬᠢᠬᠦᠢ︾ ᠶᠢ ᠪᠣᠢ ᠪᠣᠯᠭᠠᠵᠤ᠂ ᠴᠢᠳᠠᠮᠠᠭᠠᠢ ᠪᠠᠷ | ᠰᠠᠨᠠᠭᠠᠴᠢᠯᠠᠭ᠎ᠠ ᠠᠴᠠ ᠪᠠᠨ ᠰᠡᠳᠬᠢᠵᠦ᠂ ᠰᠢᠷᠭᠠᠭᠤ ᠰᠡᠳᠬᠢᠨ ᠪᠣᠳᠣᠯᠬᠢᠯᠠᠵᠤ᠂ ᠰᠢᠰᠲ᠋ᠧᠮ ᠲᠠᠢ ᠪᠣᠳᠣᠯᠬᠢᠯᠠᠬᠤ | ᠬᠡᠷᠡᠭᠲᠡᠢ᠃ ᠤᠳᠤᠷᠢᠳᠬᠤ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠲᠠᠨᠢᠨ ᠮᠡᠳᠡᠬᠦ ᠴᠢᠳᠠᠪᠤᠷᠢ ᠪᠠᠨ ᠤᠯᠠᠮ | ᠨᠢᠭᠡ ᠠᠯᠬᠤᠮ ᠴᠢᠩᠭᠠᠳᠬᠠᠵᠤ᠂ ᠠᠰᠠᠭᠤᠳᠠᠯ ᠤᠨ ᠮᠥᠨ ᠴᠢᠨᠠᠷ ᠤᠨ ᠴᠢᠳᠠᠪᠤᠷᠢ ᠶᠢ ᠦᠳᠲᠡᠷ ᠲᠦᠷᠭᠡᠨ ᠠᠳᠬᠤᠵᠤ | ᠂ ᠶᠡᠭᠡ ᠲᠠᠯ᠎ᠠ ᠶᠢ ᠡᠵᠡᠮᠳᠡᠬᠦ ᠴᠢᠳᠠᠪᠤᠷᠢ᠂ ᠬᠠᠮᠢᠶᠠᠷᠤᠯᠲᠠ ᠶᠢᠨ ᠴᠢᠳᠠᠪᠤᠷᠢ ᠪᠠᠨ ︽ᠠᠳᠠᠯᠢᠳᠬᠠᠬᠤ︾ ᠶᠢ ᠰᠤᠷᠴᠤ᠂ | ︽ᠪᠠᠶᠢᠷᠢ ᠰᠣᠯᠢᠬᠤ︾ ᠶᠢ ᠰᠤᠷᠴᠤ᠂ ︽ᠰᠣᠩᠭᠤᠯᠲᠠ︾ ᠶᠢ ᠴᠢᠳᠠᠮᠠᠭᠠᠢ ᠪᠠᠶᠢᠵᠤ᠂ ︽ᠰᠣᠩᠭᠤᠯᠲᠠ︾ ᠶᠢ ᠪᠠᠲᠤ | ᠴᠡᠭᠡᠵᠢᠯᠡᠬᠦ ᠬᠡᠷᠡᠭᠲᠡᠢ᠃ ᠭᠤᠷᠪᠠ ᠳᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠬᠡᠷᠡᠭᠲᠡᠢ᠃ ᠵᠠᠯᠠᠭᠤ ᠺᠠᠳ᠋ᠷᠴᠤᠳ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠣᠢ ᠪᠣᠯᠭᠠᠨ | ᠦᠢᠯᠡᠳᠦᠯᠭᠡᠵᠢᠭᠦᠯᠵᠦ᠂ ᠪᠠᠷᠢᠮᠲᠠᠯᠠᠬᠤ᠂ ᠪᠠᠲᠤ ᠰᠠᠬᠢᠬᠤ᠂ ᠬᠠᠲᠠᠭᠤ ᠳᠠᠭᠠᠭᠠᠮᠠᠭᠠᠢ ᠴᠢᠨᠠᠷ ᠢ ᠬᠥᠮᠦᠵᠢᠭᠦᠯᠦᠨ | ᠦᠢᠯᠡᠳᠦᠯᠭᠡᠵᠢᠭᠦᠯᠵᠦ᠂ ᠵᠣᠷᠢᠭᠲᠠᠢ ᠪᠠᠷ ᠬᠦᠨᠳᠦ ᠡᠭᠦᠷᠭᠡ ᠶᠢ ᠡᠭᠦᠷᠭᠡᠯᠡᠵᠦ᠂ ᠪᠥᠬᠦ ᠰᠢᠶᠠᠨ ᠤ ᠣᠳᠣᠬᠠᠨ ᠳᠤ | ᠣᠷᠣᠰᠢᠵᠤ ᠪᠠᠶᠢᠭ᠎ᠠ ᠠᠰᠠᠭᠤᠳᠠᠯ᠂ ᠲᠤᠰ ᠰᠠᠯᠠᠭ᠎ᠠ ᠮᠥᠴᠢᠷ ᠲᠤᠰ ᠬᠦᠷᠢᠶᠡᠨ ᠳᠤ ᠣᠷᠣᠰᠢᠵᠤ ᠪᠠᠶᠢᠭ᠎ᠠ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠭᠠᠭᠠᠴᠢᠯᠠᠨ ᠬᠤᠯᠪᠣᠭᠠᠯᠠᠬᠤ ᠲᠣᠰᠬᠤᠨ ᠤ ᠰᠢᠢᠳᠪᠦᠷᠢᠯᠡᠬᠦ | ᠴᠢᠬᠤᠯᠠᠲᠠᠢ ᠠᠰᠠᠭᠤᠳᠠᠯ ᠳᠤ ᠪᠦᠬᠦ ᠬᠦᠴᠦᠨ ᠢᠶᠠᠷ ᠢᠶᠠᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠭᠦᠶᠡᠩ | ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ | | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠸᠠᠩ ᠰᠢᠶᠠᠩ ᠯᠢᠨ ᠰᠤᠷᠤᠯᠭ᠎ᠠ ᠲᠡᠭᠦᠰᠬᠦ ᠶᠣᠰᠣᠯᠠᠯ ᠢ ᠡᠷᠬᠢᠯᠡᠵᠦ᠂ ᠰᠢᠶᠠᠨ ᠤ ᠤᠳᠤᠷᠢᠳᠤᠯᠭ᠎ᠠ ᠯᠢ ᠷᠦᠢ᠂ | ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠰᠢᠶᠠᠨ ᠤ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ ᠶᠢᠨ ᠬᠠᠷᠢᠭᠤᠴᠠᠯᠭᠠᠲᠠᠨ ᠰᠤᠷᠤᠯᠭ᠎ᠠ ᠲᠡᠭᠦᠰᠬᠦ ᠶᠣᠰᠣᠯᠠᠯ ᠳᠤ ᠣᠷᠣᠯᠴᠠᠪᠠ᠃ |