8 ᠰᠠᠷ᠎ᠠ ᠶᠢᠨ 5 ᠤ ᠡᠳᠦᠷ᠂ ᠭᠦᠶᠡᠩ ᠰᠢᠶᠠᠨ ᠳᠥᠷᠪᠡᠨ ᠳᠠᠯᠠᠢ ᠨᠠᠢᠮᠠᠨ ᠵᠣᠪᠬᠢᠰ ᠤᠨ ᠵᠣᠴᠢᠳ ᠢ ᠤᠷᠢᠵᠤ ︽ | ᠭᠠᠩ ᠵᠣᠷᠢᠭᠲᠤ ᠴᠡᠷᠢᠭ ᠤᠨ ᠰᠦᠭ ᠰᠦᠯᠳᠡ ᠶᠢ ᠤᠯᠠᠮᠵᠢᠯᠠᠵᠤ᠂ ᠴᠠᠭ ᠦᠶ᠎ᠡ ᠪᠠᠨ ᠮᠠᠭᠲᠠᠨ ᠳᠠᠭᠤᠯᠠᠬᠤ︾ ᠶᠢᠨ | ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠲᠤᠰᠬᠠᠢ ᠤᠷᠠᠨ ᠰᠠᠶᠢᠬᠠᠨ ᠤ ᠦᠳᠡᠰᠢᠯᠡᠭᠡ ᠳᠤ ᠬᠠᠮᠲᠤ ᠪᠠᠷ | ᠣᠷᠣᠯᠴᠠᠭᠤᠯᠪᠠ᠃ | ᠲᠤᠰ ᠤᠳᠠᠭᠠᠨ ᠤ ᠤᠷᠠᠨ ᠰᠠᠶᠢᠬᠠᠨ ᠤ ᠦᠳᠡᠰᠢᠯᠡᠭᠡ ᠪᠣᠯ ︽41° ᠤᠨ ᠭᠦᠶᠡᠩ ᠤᠨ ᠬᠠᠨᠳᠢᠪ - ᠬᠤᠷᠢᠨ | ᠨᠢᠭᠡᠳᠦᠭᠡᠷ ᠬᠤᠭᠤᠴᠠᠭᠠᠨ ᠤ ᠴᠢᠨ ᠤᠯᠤᠰ ᠤᠨ ᠤᠷᠲᠤ ᠴᠠᠭᠠᠨ ᠬᠡᠷᠡᠮ ᠤᠨ ᠰᠣᠶᠣᠯ ᠵᠢᠭᠤᠯᠴᠢᠯᠠᠯ ᠤᠨ ᠨᠠᠶᠢᠷ ︾ | ᠤᠨ ᠬᠤᠭᠤᠴᠠᠭᠠᠨ ᠳᠤ ᠳᠤᠷᠠᠳᠤᠨ ᠭᠠᠷᠭᠠᠭᠰᠠᠨ ᠰᠣᠶᠣᠯ ᠤᠨ ᠦᠪᠡᠳᠡᠭᠰᠢ ᠨᠠᠶᠢᠷ ᠤᠨ ᠨᠢᠭᠡ ᠪᠣᠯᠤᠨ᠎ᠠ᠂ ᠡᠭᠦᠨ ᠢᠶᠠᠷ | ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 97 ᠵᠢᠯ ᠤᠨ ᠣᠢ ᠳᠤ ᠪᠡᠯᠡᠭ | ᠬᠦᠷᠭᠡᠵᠦ᠂ ︽ᠬᠠᠮᠤᠭ ᠤᠨ ᠬᠠᠶᠢᠷᠠᠲᠠᠢ ᠬᠥᠮᠦᠰ︾ ᠲᠤ ᠬᠦᠨᠳᠦᠳᠬᠡᠯ ᠳᠡᠪᠰᠢᠭᠦᠯᠦᠶ᠎ᠡ︕ ᠤᠷᠠᠨ ᠰᠠᠶᠢᠬᠠᠨ ᠤ | ᠦᠳᠡᠰᠢᠯᠡᠭᠡ ᠨᠢ ᠢᠳᠡ ᠬᠦᠴᠦᠲᠡᠢ᠂ ᠰᠦᠷ ᠵᠢᠪᠬᠤᠭ᠎ᠠ ᠲᠠᠢ ︽ᠬᠥᠮᠦᠰ ᠤᠨ ᠰᠡᠳᠬᠢᠯ ᠢ ᠵᠣᠷᠢᠭᠵᠢᠭᠤᠯᠬᠤ︾ | ᠳᠤᠮᠳᠠ ᠬᠥᠰᠢᠭᠡ ᠪᠠᠨ ᠰᠡᠬᠦᠵᠦ᠂ ᠳᠠᠭᠤᠤ ︽ᠬᠢᠯᠢ ᠶᠢᠨ ᠬᠠᠮᠠᠭᠠᠯᠠᠯᠲᠠ ᠶᠢᠨ ᠣᠳᠣ︾ ᠭᠡᠬᠦ ᠳᠠᠭᠤᠤ ᠨᠢ ᠬᠢᠯᠢ ᠶᠢᠨ | ᠬᠠᠮᠠᠭᠠᠯᠠᠯᠲᠠ ᠶᠢᠨ ᠪᠠᠶᠢᠯᠳᠤᠭᠴᠢᠳ ᠤᠨ ᠵᠠᠯᠠᠭᠤ ᠨᠠᠰᠤᠨ ᠤ ᠭᠡᠷᠡᠯ ᠪᠠ ᠬᠠᠯᠠᠭᠤᠨ ᠰᠡᠳᠬᠢᠯᠭᠡ ᠶᠢ ᠮᠠᠭᠲᠠᠨ | ᠳᠠᠭᠤᠯᠠᠵᠤ᠂ ᠬᠥᠭᠵᠢᠮ ᠨᠢ ︽ᠬᠤᠪᠢᠰᠬᠠᠯ ᠤᠨ ᠰᠣᠩᠭᠤᠳᠠᠭ ᠪᠦᠲᠦᠭᠡᠯ᠂ ᠬᠥᠭᠵᠢᠯ ᠪᠠᠳᠠᠷᠠᠯ ᠤᠨ ᠦᠶ᠎ᠡ ᠶᠢᠨ | ᠳᠤᠮᠳᠠᠳᠤ ᠤᠯᠤᠰ︾ ᠭᠡᠬᠦ ᠬᠥᠭᠵᠢᠮ ᠢ ᠮᠠᠭᠲᠠᠨ ᠳᠠᠭᠤᠯᠠᠵᠤ᠂ ᠡᠩᠬᠡ ᠲᠠᠶᠢᠪᠤᠩ ᠴᠠᠭ ᠦᠶ᠎ᠡ ᠶᠢᠨ ᠳᠣᠣᠷᠠᠬᠢ | ᠬᠤᠶᠠᠷ ᠢ ᠬᠦᠷᠢᠶᠡᠯᠡᠬᠦ ᠬᠠᠶᠢᠷ᠎ᠠ ᠰᠡᠳᠬᠢᠯᠭᠡ ᠪᠠᠷ ᠢᠯᠡᠷᠡᠭᠦᠯᠦᠭᠰᠡᠨ ᠰᠦᠷ ᠳᠠᠯᠠᠶᠢᠴᠠᠲᠠᠢ ᠬᠦᠴᠦᠨ ᠢ ᠢᠯᠡᠷᠡᠭᠦᠯᠵᠦ᠂ | ᠳᠠᠭᠤᠤ ︽ᠲᠡᠷᠡᠬᠦ ᠨᠢᠯᠬᠠᠰ ᠢ ᠰᠠᠬᠢᠨ ᠬᠠᠮᠠᠭᠠᠯᠠᠬᠤ ᠪᠠ ᠰᠠᠶᠢᠨ ᠰᠠᠶᠢᠬᠠᠨ ᠠᠮᠢᠳᠤᠷᠠᠯ ᠢ ᠬᠥᠭᠡᠭᠡᠴᠡᠯᠳᠦᠬᠦ ᠳᠤᠮᠳᠠᠬᠢ | ᠡᠷᠡᠰ ᠪᠠᠲᠤ ᠢᠲᠡᠭᠡᠯ ᠪᠢᠰᠢᠷᠡᠯ ᠢ ᠢᠯᠡᠳᠬᠡᠵᠡᠢ᠃ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠭᠰᠠᠨ | ᠠᠬᠠᠮᠠᠳ ᠴᠡᠷᠢᠭ VCR ᠶᠢ ᠨᠡᠭᠡᠭᠡᠵᠦ᠂ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠭᠰᠠᠨ ᠠᠬᠠᠮᠠᠳ | ᠴᠡᠷᠢᠭ ᠨᠢᠭᠡᠪᠦᠷᠢ ᠪᠣᠯ ᠶᠠᠭ ᠯᠠ ᠨᠢᠭᠡᠨ ᠠᠮᠢᠳᠤ ᠲᠡᠦᠬᠡ ᠮᠥᠨ᠂ ᠪᠢᠳᠡᠨ ᠳᠤ ᠮᠠᠷᠲᠠᠭᠳᠠᠰᠢ ᠦᠭᠡᠢ ᠦᠯᠢᠭᠡᠷ ᠢ | ᠶᠠᠷᠢᠵᠤ ᠥᠭᠴᠦ ᠪᠠᠶᠢᠨ᠎ᠠ᠃ ᠲᠡᠳᠡ ᠪᠣᠯ ᠠᠷᠠᠳ ᠲᠦᠮᠡᠨ ᠤ ᠪᠠᠭᠠᠲᠤᠷ ᠲᠥᠷᠥ ᠶᠢᠨ ᠭᠠᠪᠢᠶᠠᠲᠠᠨ᠂ ᠨᠡᠶᠢᠭᠡᠮ ᠤᠨ | ᠡᠷᠬᠢᠮ ᠨᠠᠨᠳᠢᠨ ᠥᠪ ᠬᠥᠷᠥᠩᠭᠡ ᠮᠥᠨ᠃ ᠲᠠᠶᠢᠰᠠᠨ ᠳᠤ ᠭᠠᠷᠤᠭᠰᠠᠨ 1950 ᠣᠨ ᠳᠤ ᠴᠡᠷᠢᠭ ᠲᠤ | ᠤᠷᠤᠭᠰᠠᠨ ᠤ ᠳᠠᠷᠠᠭ᠎ᠠ ᠣᠳᠣ ᠨᠢᠭᠡᠨᠲᠡ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠭᠰᠠᠨ 94 ᠨᠠᠰᠤᠲᠠᠢ | ᠠᠬᠠᠮᠠᠳ ᠴᠡᠷᠢᠭ - ᠵᠠᠩ ᡁᠢ ᠶᠤᠸᠠᠨ ᠤ ᠠᠬᠠᠮᠠᠳ ᠪᠠᠭᠠᠲᠤᠷ ᠡᠷ᠎ᠡ ᠲᠡᠭᠦᠨ ᠤ ᠭᠢᠯᠠᠯᠵᠠᠭᠰᠠᠨ ᠨᠢᠯᠪᠤᠰᠤᠨ ᠤ ᠳᠤᠮᠳᠠ | ᠂ ᠪᠤᠭᠤᠷᠤᠯ ᠰᠠᠨᠴᠢᠭ ᠪᠣᠯᠤᠭᠰᠠᠨ᠂ ᠭᠦᠨ ᠦᠷᠴᠢᠯᠡᠭᠡ ᠠᠴᠠ ᠪᠢᠳᠡ ᠲᠡᠷᠡ ᠤᠳᠠᠭᠠᠨ ᠤ ᠴᠢᠰᠤ ᠭᠠᠯ ᠶᠢᠨ | ᠳᠠᠪᠲᠠᠯᠲᠠ ᠶᠢ ᠮᠡᠳᠡᠷᠡᠵᠦ᠂ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠠᠭᠤᠤ ᠶᠡᠭᠡ ᠵᠣᠷᠢᠭ | ᠰᠠᠨᠠᠭ᠎ᠠ ᠶᠢ ᠣᠶᠢᠯᠠᠭᠠᠵᠤ᠂ ᠪᠢᠳᠡᠨ ᠤ ᠰᠢᠨ᠎ᠡ ᠴᠠᠭ ᠦᠶ᠎ᠡ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ ᠶᠢ | ᠵᠣᠷᠢᠭᠵᠢᠭᠤᠯᠵᠤ ᠪᠠᠶᠢᠯ᠎ᠠ᠃ | ᠦᠳᠡᠰᠢᠯᠡᠭᠡ ᠨᠢ ᠭᠦᠶᠡᠩ ᠰᠢᠶᠠᠨ ᠤ ᠰᠢᠨ᠎ᠡ ᠴᠧᠩ ᠪᠠᠭ᠎ᠠ ᠰᠤᠷᠭᠠᠭᠤᠯᠢ ᠬᠤᠲᠠ ᠰᠢᠶᠠᠨ ᠬᠤᠶᠠᠷ ᠱᠠᠲᠤᠨ ᠤ | ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠰᠤᠷᠭᠠᠭᠤᠯᠢ ᠪᠣᠯᠤᠭᠰᠠᠨ ᠤ ᠬᠤᠪᠢ ᠳᠤ᠂ ︽ᠬᠤᠶᠠᠷ ᠢ | ᠬᠦᠷᠢᠶᠡᠯᠡᠬᠦ︾ ᠰᠤᠷᠭᠠᠨ ᠬᠥᠮᠦᠵᠢᠯ ᠤᠨ ᠵᠠᠭᠪᠤᠷ ᠢᠶᠠᠷ ᠰᠤᠷᠤᠭᠴᠢᠳ ᠲᠤ ᠪᠦᠬᠦ ᠲᠠᠯ᠎ᠠ ᠪᠠᠷ ᠬᠥᠮᠦᠵᠢᠯ ᠬᠢᠵᠦ | ᠪᠠᠶᠢᠭ᠎ᠠ ᠣᠨᠴᠠᠯᠢᠭ ᠢ ᠳᠡᠯᠭᠡᠨ ᠦᠵᠡᠭᠦᠯᠵᠦ᠂ ᠸᠠᠭᠠᠷ ᠤᠨ ᠤᠷᠠᠯᠢᠭ ᠤᠨ ᠬᠢᠴᠢᠶᠡᠯ᠂ ᠤᠷᠠᠨ ᠵᠢᠷᠤᠭ ᠤᠨ ᠬᠢᠴᠢᠶᠡᠯ᠂ | ᠴᠡᠷᠢᠭ ᠤᠨ ᠶᠠᠪᠤᠳᠠᠯ ᠤᠨ ᠪᠡᠶ᠎ᠡ ᠶᠢᠨ ᠲᠠᠮᠢᠷ ᠤᠨ ᠬᠢᠴᠢᠶᠡᠯ ᠵᠡᠷᠭᠡ ᠬᠢᠴᠢᠶᠡᠯ ᠤᠨ ᠬᠤᠪᠢᠰᠬᠠᠯᠲᠤ ᠤᠳᠤᠮᠰᠢᠯ ᠢ | ᠤᠯᠠᠮᠵᠢᠯᠠᠨ ᠵᠠᠯᠭᠠᠮᠵᠢᠯᠠᠵᠤ᠂ ᠤᠯᠤᠰ ᠢᠶᠠᠨ ᠬᠠᠶᠢᠷᠠᠯᠠᠬᠤ ᠦᠵᠡᠯ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ | ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠨᠢᠭᠡ ᠪᠦᠯᠦᠭ ᠣᠨᠴᠠᠭᠠᠢ ᠵᠣᠪᠠᠭᠤᠷᠢ ᠵᠦᠳᠡᠭᠦᠷᠢ ᠶᠢ | ᠠᠮᠰᠠᠵᠤ ᠴᠢᠳᠠᠬᠤ᠂ ᠣᠨᠴᠠᠭᠠᠢ ᠶᠣᠰᠣ ᠮᠣᠷᠠᠯ ᠢ ᠣᠶᠢᠯᠠᠭᠠᠬᠤ᠂ ᠣᠨᠴᠠᠭᠠᠢ ᠰᠠᠬᠢᠯᠭ᠎ᠠ ᠪᠠᠲᠤ ᠶᠢ ᠰᠠᠬᠢᠬᠤ ᠰᠢᠯᠢᠳᠡᠭ | ᠰᠤᠷᠤᠭᠴᠢ ᠪᠣᠯᠭᠠᠪᠠ᠃ | ᠦᠳᠡᠰᠢᠯᠡᠭᠡ ᠨᠢ ᠪᠠᠰᠠ ᠪᠤᠭᠤᠲᠤ ᠬᠤᠲᠠ ᠶᠢᠨ ᠳᠡᠰ ᠤᠨ ︽ᠬᠠᠮᠤᠭ ᠤᠨ ᠭᠤᠶᠣ ᠴᠡᠷᠢᠭ ᠠᠴᠠ | ᠬᠠᠯᠠᠭᠳᠠᠭᠰᠠᠳ︾ ᠢ 2 ᠨᠡᠷᠡᠰ ᠤᠩᠰᠢᠨ ᠨᠡᠶᠢᠲᠡᠯᠡᠵᠦ᠂ ᠭᠦᠶᠡᠩ ᠰᠢᠶᠠᠨ ᠤ ᠱᠠᠲᠤᠨ ᠤ ︽ᠬᠠᠮᠤᠭ ᠤᠨ ᠭᠤᠶᠣ | ᠴᠡᠷᠢᠭ ᠠᠴᠠ ᠬᠠᠯᠠᠭᠳᠠᠭᠰᠠᠳ︾ ᠢ 25 ᠨᠡᠷᠡᠰ ᠭᠦᠶᠡᠩ ᠰᠢᠶᠠᠨ ᠤ ᠱᠠᠲᠤᠨ ᠤ ︽ᠬᠠᠮᠤᠭ ᠤᠨ ᠭᠤᠶᠣ | ᠴᠡᠷᠢᠭ ᠠᠴᠠ ᠬᠠᠯᠠᠭᠳᠠᠭᠰᠠᠳ︾ ᠢ ᠬᠥᠬᠢᠭᠦᠯᠦᠨ ᠰᠠᠶᠢᠰᠢᠶᠠᠪᠠ᠃ ᠲᠡᠳᠡᠨ ᠤ ᠳᠣᠲᠣᠷ᠎ᠠ ᠰᠢᠷᠭᠠᠭᠤ ᠬᠠᠲᠠᠭᠤᠵᠢᠯᠲᠠᠢ | ᠤᠷ᠎ᠠ ᠴᠢᠳᠠᠪᠤᠷᠢ ᠪᠣᠯᠪᠠᠰᠤᠷᠠᠭᠤᠯᠵᠤ᠂ ᠨᠢᠭᠲᠠ ᠠᠴᠠ ᠨᠢᠭᠲᠠ ︽ᠤᠯᠤᠰ ᠤᠨ ᠤᠷᠠᠨ ᠳᠠᠷᠬᠠᠨ︾ ᠪᠠᠶᠢᠵᠤ᠂ | ᠣᠨᠴᠠ ᠠᠵᠢᠯ ᠤᠨ ᠪᠠᠶᠢᠷᠢ ᠳᠤ ᠦᠨᠳᠦᠰᠦᠯᠡᠭᠰᠡᠨ᠂ ᠠᠶᠤᠯ ᠳᠤ ᠲᠤᠯᠭᠠᠷᠠᠭᠰᠠᠨ ᠣᠯᠠᠨ ᠲᠦᠮᠡᠨ ᠢ ᠠᠪᠤᠷᠠᠨ | ᠲᠤᠰᠠᠯᠠᠬᠤ ᠭᠠᠯ ᠤᠨᠲᠠᠷᠠᠭᠠᠬᠤ ︽ᠬᠤᠰᠢᠭᠤᠴᠢ ᠴᠡᠷᠢᠭ︾ ᠪᠠᠶᠢᠵᠤ᠂ ᠨᠤᠲᠤᠭ ᠤᠨ ᠠᠬ᠎ᠠ ᠳᠡᠭᠦᠦ ᠨᠡᠷ ᠢᠶᠠᠨ | ᠳᠠᠭᠠᠭᠤᠯᠤᠨ ᠪᠠᠶᠠᠵᠢᠨ ᠴᠢᠨᠡᠭᠡᠯᠢᠭᠵᠢᠭᠰᠡᠨ ᠲᠣᠰᠬᠤᠨ ᠤ ᠨᠠᠮ ᠤᠨ ᠡᠭᠦᠷ ᠤᠨ ᠱᠦᠵᠢ ᠪᠠᠶᠢᠨ᠎ᠠ᠃ ᠲᠡᠳᠡ ᠡᠭᠡᠯ | ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠵᠤ᠂ ᠴᠡᠷᠢᠭ ᠠᠴᠠ | ᠬᠠᠯᠠᠭᠳᠠᠭᠰᠠᠳ ᠤᠨ ᠤᠯᠤᠰ ᠢᠶᠠᠨ ᠬᠠᠶᠢᠷᠠᠯᠠᠬᠤ ᠲᠡᠮᠡᠴᠡᠯ᠂ ᠠᠵᠢᠯ ᠤᠨ ᠪᠠᠶᠢᠷᠢ ᠳᠤ ᠭᠠᠪᠢᠶ᠎ᠠ ᠪᠠᠶᠢᠭᠤᠯᠬᠤ ᠴᠤᠭ | ᠪᠠᠳᠠᠷᠠᠩᠭᠤᠢ ᠳᠦᠷᠰᠦ ᠪᠠᠶᠢᠳᠠᠯ ᠢ ᠢᠯᠡᠷᠡᠭᠦᠯᠵᠦ᠂ ︽ᠬᠠᠮᠤᠭ ᠤᠨ ᠭᠤᠶᠣ︾ ᠭᠡᠳᠡᠭ ᠦᠭᠡ ᠳᠤ ᠣᠰᠣᠯᠳᠠᠬᠤ | ᠦᠭᠡᠢ ᠶᠤᠮ᠃ | ︽ᠲᠠᠪᠤᠨ ᠣᠳᠣᠲᠤ ᠤᠯᠠᠭᠠᠨ ᠲᠤᠭ︾ ᠨᠢ ᠳᠤᠮᠳᠠᠳᠤ ᠶᠢᠨ ᠬᠥᠪᠡᠭᠦᠳ ᠥᠬᠢᠳ ᠤᠨ ᠤᠯᠤᠰ ᠤᠨ ᠲᠤᠭ | ᠳᠣᠣᠷᠠᠬᠢ ᠲᠥᠪ ᠴᠢᠩᠭ᠎ᠠ ᠪᠠ ᠣᠮᠣᠭᠰᠢᠯ ᠢ ᠢᠯᠡᠷᠡᠭᠦᠯᠵᠦ᠂ ︽ᠤᠯᠤᠰ︾ ᠪᠣᠯ ᠲᠦᠭ ᠲᠦᠮᠡᠨ | ᠳᠤᠮᠳᠠᠳᠤᠴᠤᠳ ᠤᠨ ᠡᠬᠡ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠪᠠ ᠦᠨᠳᠦᠰᠦᠲᠡᠨ ᠤ ᠣᠮᠣᠭᠰᠢᠯᠲᠤ | ᠰᠡᠳᠬᠢᠯᠭᠡ ᠶᠢ ᠢᠯᠡᠷᠡᠭᠦᠯᠵᠦ᠂ ᠬᠥᠮᠦᠰ ᠢ ᠬᠥᠲᠥᠯᠥᠨ ᠵᠢᠯᠣᠭᠤᠳᠴᠤ ︽ᠰᠢᠨ᠎ᠡ ᠴᠠᠭ ᠦᠶ᠎ᠡ ᠶᠢ ᠳᠠᠭᠤᠯᠠᠶ᠎ᠠ︾ ᠭᠡᠬᠦ | ᠰᠦᠷᠯᠢᠭ ᠰᠠᠶᠢᠬᠠᠨ ︽ᠵᠢᠷᠤᠭ︾ ᠠᠴᠠ ᠲᠠᠰᠤᠷᠠᠯᠲᠠ ᠦᠭᠡᠢ ᠤᠷᠤᠭᠰᠢᠯᠠᠬᠤ ᠬᠦᠴᠦᠨ ᠴᠢᠳᠠᠯ ᠪᠠ ᠣᠷᠭᠢᠯᠤᠮ᠎ᠠ | ᠰᠡᠳᠬᠢᠯᠭᠡ ᠶᠢ ᠰᠢᠩᠭᠡᠭᠡᠨ ᠠᠪᠴᠠᠢ᠃ | ︽ᠳᠤᠮᠳᠠᠳᠤ ᠶᠢᠨ ᠵᠡᠭᠦᠳᠦ︾ ᠭᠡᠬᠦ ᠳᠠᠭᠤᠤ ᠨᠢ ᠲᠡᠭᠦᠰ ᠠᠮᠵᠢᠯᠲᠠ ᠲᠠᠢ ᠥᠨᠳᠥᠷᠯᠡᠵᠦ᠂ ᠪᠦᠬᠦ | ᠦᠳᠡᠰᠢᠯᠡᠭᠡ ᠶᠢ ᠬᠠᠮᠤᠭ ᠤᠨ ᠣᠷᠭᠢᠯ ᠳᠤ ᠬᠦᠷᠭᠡᠪᠡ᠃ ᠳᠠᠭᠤᠤ ᠶᠢᠨ ᠠᠶᠠᠰ ᠲᠤ ᠴᠡᠷᠢᠭ ᠠᠷᠠᠳ ᠤᠨ | ᠬᠤᠭᠤᠷᠣᠨᠳᠣᠬᠢ ᠴᠢᠰᠤ ᠤᠰᠤ ᠥᠳᠬᠡᠨ ᠵᠤᠵᠠᠭᠠᠨ ᠬᠠᠶᠢᠷ᠎ᠠ ᠰᠡᠳᠬᠢᠯᠭᠡ ᠪᠠ ᠤᠯᠤᠰ ᠣᠷᠣᠨ ᠤ ᠢᠷᠡᠭᠡᠳᠦᠢ ᠳᠤ | ᠰᠠᠶᠢᠨ ᠰᠠᠶᠢᠬᠠᠨ ᠬᠦᠰᠡᠯ ᠵᠥᠩᠨᠡᠯ ᠢ ᠠᠬᠤᠭᠤᠯᠵᠤ᠂ ᠴᠡᠷᠢᠭ ᠠᠷᠠᠳ ᠤᠨ ᠪᠦᠯᠬᠦᠮᠳᠡᠨ ᠨᠢᠭᠡᠳᠴᠦ᠂ ᠳᠤᠮᠳᠠᠳᠤ ᠶᠢᠨ | ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠡᠷᠡᠰ ᠪᠠᠲᠤ ᠢᠲᠡᠭᠡᠯ ᠵᠣᠷᠢᠭ ᠪᠠ ᠣᠮᠤᠭ ᠲᠡᠭᠦᠯᠳᠡᠷ ᠬᠠᠶᠢᠷ᠎ᠠ | ᠰᠡᠳᠬᠢᠯᠭᠡ ᠶᠢ ᠢᠯᠡᠳᠬᠡᠵᠡᠢ᠃ | ᠬᠤᠶᠠᠷ ᠢ ᠬᠦᠷᠢᠶᠡᠯᠡᠬᠦ ᠴᠡᠴᠡᠭ ᠬᠠᠮᠲᠤᠪᠠᠷ ᠪᠤᠶᠢᠵᠢᠭᠤᠯᠬᠤ᠃ ᠲᠤᠰ ᠤᠳᠠᠭᠠᠨ ᠤ ᠬᠤᠶᠠᠷ ᠢ ᠬᠦᠷᠢᠶᠡᠯᠡᠬᠦ | ᠤᠷᠠᠨ ᠰᠠᠶᠢᠬᠠᠨ ᠤ ᠲᠣᠭᠯᠠᠯᠲᠠ ᠨᠢ ᠨᠢᠭᠡ ᠤᠳᠠᠭᠠᠨ ᠤ ᠭᠤᠶᠢᠳᠠ ᠰᠠᠶᠢᠬᠠᠨ ᠬᠠᠷᠠᠭ᠎ᠠ ᠰᠣᠨᠣᠷ ᠤᠨ ᠦᠪᠡᠳᠡᠭᠰᠢ | ᠨᠠᠶᠢᠷ ᠪᠣᠯᠬᠤ ᠪᠠᠷ ᠪᠠᠷᠠᠬᠤ ᠦᠭᠡᠢ᠂ ᠨᠡᠩ ᠴᠤ ᠨᠢᠭᠡ ᠤᠳᠠᠭᠠᠨ ᠤ ᠭᠦᠨ ᠭᠦᠨᠵᠡᠭᠡᠢ ᠦᠵᠡᠯ ᠰᠠᠨᠠᠭᠠᠨ ᠤ ᠬᠥᠮᠦᠵᠢᠯ | ᠪᠠ ᠣᠶᠤᠨ ᠰᠠᠨᠠᠭᠠᠨ ᠤ ᠤᠬᠢᠶᠠᠯ ᠪᠣᠯᠬᠤ ᠶᠤᠮ᠃ ᠰᠢᠨ᠎ᠡ ᠴᠠᠭ ᠦᠶ᠎ᠡ ᠶᠢᠨ ᠠᠶᠠᠨ ᠵᠠᠮ ᠳᠤ᠂ ᠭᠦᠶᠡᠩ ᠰᠢᠶᠠᠨ | ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠠᠴᠠ ᠭᠠᠷᠭᠠᠭᠰᠠᠨ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠡᠷᠢᠭ ᠢᠶᠠᠨ | ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ | ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠡᠶ᠎ᠡ ᠵᠣᠬᠢᠴᠠᠩᠭᠤᠢ ᠨᠡᠶᠢᠭᠡᠮ ᠢ ᠪᠠᠶᠢᠭᠤᠯᠬᠤ᠂ | ᠬᠤᠶᠠᠷ ᠢ ᠬᠦᠷᠢᠶᠡᠯᠡᠬᠦ ᠠᠵᠢᠯ ᠤᠨ ᠭᠦᠨᠵᠡᠭᠡᠢ ᠬᠥᠭᠵᠢᠯᠲᠡ ᠶᠢ ᠠᠬᠢᠭᠤᠯᠬᠤ ᠳᠤ ᠰᠢᠨ᠎ᠡ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠵᠦ᠂ ᠣᠳᠣᠬᠢᠴᠢᠯᠠᠭᠰᠠᠨ ᠭᠦᠶᠡᠩ ᠤᠨ ᠪᠦᠲᠦᠭᠡᠨ ᠪᠠᠶᠢᠭᠤᠯᠤᠯᠲᠠ ᠪᠣᠯᠤᠨ | ᠬᠥᠭᠵᠢᠯᠲᠡ ᠶᠢ ᠴᠢᠨᠠᠷ ᠰᠠᠶᠢᠲᠠᠢ ᠠᠬᠢᠭᠤᠯᠬᠤ ᠳᠤ ᠰᠢᠨ᠎ᠡ ᠬᠠᠭᠤᠳᠠᠰᠤ ᠶᠢ ᠳᠠᠬᠢᠨᠲᠠ ᠪᠢᠴᠢᠭᠯᠡᠬᠦ ᠪᠣᠯᠤᠨ᠎ᠠ︕ |