ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠪᠣᠯ | ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ ᠬᠠᠮᠠᠭᠠᠯᠠᠬᠤ᠂ ᠨᠤᠲᠤᠭ ᠪᠡᠯᠴᠢᠭᠡᠷ ᠤᠨ ᠮᠠᠭᠤᠳᠠᠬᠤ ᠶᠢ | ᠰᠡᠷᠭᠡᠶᠢᠯᠡᠬᠦ ᠴᠢᠬᠤᠯᠠ ᠠᠷᠭ᠎ᠠ ᠪᠠᠷᠢᠯ ᠪᠣᠯᠬᠤ ᠪᠠᠷ ᠪᠠᠷᠠᠬᠤ ᠦᠭᠡᠢ᠂ ᠪᠠᠰᠠ ᠴᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠡᠶᠡᠯᠡᠭᠦᠯᠬᠦ᠂ ᠮᠠᠯᠴᠢᠨ ᠲᠠᠷᠢᠶᠠᠴᠢᠨ ᠤ ᠠᠮᠢᠳᠤᠷᠠᠯ ᠤᠨ | ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠪᠣᠯᠤᠨ᠎ᠠ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ | ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠠᠵᠢᠯ ᠢ ᠪᠦᠬᠦ ᠲᠠᠯ᠎ᠠ ᠪᠠᠷ ᠭᠦᠨᠵᠡᠭᠡᠢ | ᠠᠬᠢᠭᠤᠯᠬᠤ ᠶᠢᠨ ᠲᠥᠯᠥᠭᠡ᠂ ᠬᠤᠸᠠᠢ ᠱᠦᠸᠧ ᠪᠠᠯᠭᠠᠰᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ | ᠡᠨᠡ ᠬᠦ ᠠᠮᠢ ᠠᠬᠤᠢ ᠶᠢᠨ ᠬᠠᠮᠠᠭᠠᠯᠠᠯᠲᠠ ᠶᠢᠨ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠬᠦ ᠬᠥᠭᠵᠢᠯᠲᠡ ᠶᠢ | ᠠᠬᠢᠭᠤᠯᠬᠤ᠂ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠪᠠ᠃ | ᠡᠭᠦᠨ ᠤ ᠲᠤᠯᠠᠳᠠ᠂ ᠬᠤᠸᠠᠢ ᠱᠦᠸᠧ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠩᠭᠢ ᠲᠠᠷᠢᠶᠠᠨ ᠭᠠᠵᠠᠷ᠂ ᠮᠠᠯᠴᠢᠨ ᠲᠠᠷᠢᠶᠠᠴᠢᠨ ᠤ ᠭᠡᠷ ᠲᠤ ᠭᠦᠨᠵᠡᠭᠡᠶᠢᠷᠡᠵᠦ᠂ ︽ᠨᠢᠭᠤᠷᠲᠠᠨ ᠬᠠᠨᠳᠤᠵᠤ᠂ | ᠰᠡᠳᠬᠢᠯ ᠵᠢᠷᠦᠬᠡ ᠪᠠᠨ ᠬᠤᠯᠪᠣᠬᠤ︾ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠮᠠᠯᠴᠢᠨ | ᠲᠠᠷᠢᠶᠠᠴᠢᠨ ᠳᠤ ᠮᠠᠯ ᠪᠡᠯᠴᠢᠭᠡᠷ ᠤᠨ ᠲᠡᠩᠴᠡᠭᠦᠷᠢ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ | ᠲᠥᠷᠥ ᠶᠢᠨ ᠪᠣᠳᠣᠯᠭ᠎ᠠ ᠶᠢᠨ ᠴᠢᠬᠤᠯᠠ ᠴᠢᠨᠠᠷ᠂ ᠰᠢᠨᠵᠢᠯᠡᠬᠦ ᠤᠬᠠᠭᠠᠨᠴᠢ ᠦᠨᠳᠦᠰᠦᠯᠡᠯ ᠵᠢᠴᠢ ᠠᠯᠤᠰ ᠬᠡᠳᠦ ᠶᠢᠨ | ᠠᠴᠢ ᠬᠤᠯᠪᠣᠭᠳᠠᠯ ᠢ ᠠᠮᠢᠳᠤᠯᠢᠭ ᠳᠦᠷᠰᠦᠯᠢᠭ ᠢᠶᠠᠷ ᠲᠠᠶᠢᠯᠪᠤᠷᠢᠯᠠᠨ ᠥᠭᠴᠦ᠂ ᠡᠨᠡ ᠬᠦ ᠲᠥᠷᠥ ᠶᠢᠨ ᠪᠣᠳᠣᠯᠭ᠎ᠠ ᠶᠢ | ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠣᠯᠠᠨ ᠤ ᠬᠠᠮᠲᠤ ᠶᠢᠨ ᠲᠠᠨᠢᠯᠲᠠ ᠪᠣᠯᠭᠠᠪᠠ᠃ | ᠬᠤᠸᠠᠢ ᠱᠦᠸᠧ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ | ᠪᠡᠯᠴᠢᠭᠡᠷᠯᠡᠭᠦᠯᠬᠦ ᠶᠢ ᠴᠠᠭᠠᠵᠠᠯᠠᠬᠤ ᠤᠬᠠᠭᠤᠯᠭ᠎ᠠ ᠥᠷᠨᠢᠭᠦᠯᠪᠡ᠃ | ᠳᠠᠷᠠᠭᠠᠴᠢ ᠶᠢᠨ ᠠᠯᠬᠤᠮ ᠳᠤ᠂ ᠬᠤᠸᠠᠢ ᠱᠦᠸᠧ ᠪᠠᠯᠭᠠᠰᠤ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ | ᠰᠡᠷᠭᠦᠭᠡᠬᠦ ᠠᠵᠢᠯ ᠢ ᠦᠷᠭᠦᠯᠵᠢᠯᠡᠨ ᠨᠢᠭᠡ ᠵᠦᠢᠯ ᠤᠨ ᠬᠡᠪᠰᠢᠭᠰᠡᠨ ᠠᠵᠢᠯ ᠪᠣᠯᠭᠠᠵᠤ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠡᠯᠴᠢᠭᠡᠷᠯᠡᠭᠦᠯᠬᠦ ᠶᠢ | ᠵᠣᠭᠰᠣᠭᠠᠵᠤ ᠪᠡᠯᠴᠢᠭᠡᠷ ᠢ ᠰᠡᠷᠭᠦᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠲᠠᠰᠤᠷᠠᠯᠲᠠ | ᠥᠬᠡᠶ ᠴᠢᠩᠭᠠᠷᠠᠭᠤᠯᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠵᠢᠴᠢ ᠲᠣᠭᠤᠷᠢᠨ ᠪᠠᠶᠢᠴᠠᠭᠠᠬᠤ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠤᠯᠠᠭᠠᠶᠢᠯᠠᠨ ᠮᠠᠯᠵᠢᠬᠤ ᠵᠡᠷᠭᠡ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ | ᠠᠵᠢᠯ ᠢ ᠲᠠᠷᠢᠶᠠᠴᠢᠨ ᠲᠦᠮᠡᠨ ᠤ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠪᠡᠯᠴᠢᠭᠡᠷᠯᠡᠭᠦᠯᠬᠦ ᠶᠢ | ᠵᠣᠭᠰᠣᠭᠠᠵᠤ ᠪᠡᠯᠴᠢᠭᠡᠷ ᠢ ᠰᠡᠷᠭᠦᠭᠡᠬᠦ ᠠᠵᠢᠯ ᠳᠤ ᠦᠨᠡᠨ ᠬᠦ ᠢᠯᠡᠳᠲᠡ ᠦᠷ᠎ᠡ ᠪᠦᠲᠦᠮᠵᠢ ᠣᠯᠬᠤ ᠶᠢ ᠪᠠᠲᠤᠯᠠᠨ᠎ᠠ᠃ |