ᠶᠢᠨ ᠬᠤᠤ ᠪᠠᠯᠭᠠᠰᠤ ᠡᠭᠡᠯ ᠠᠷᠠᠳ ᠤᠨ ᠡᠷᠦᠬᠡ ᠳᠤ ᠬᠦᠷᠴᠦ ᠠᠷᠠᠳ ᠤᠨ ᠰᠡᠳᠬᠢᠯ ᠢ ᠨᠢᠭᠲᠠᠷᠠᠭᠤᠯᠤᠨ ᠦᠨᠳᠦᠰᠦᠲᠡᠨ ᠤ ᠪᠦᠯᠬᠦᠮᠳᠡᠯ ᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/9/10
    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠣᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠣᠢ ᠪᠣᠯᠭᠠᠬᠤ ᠶᠢᠨ ᠲᠥᠯᠥᠭᠡ᠂ ᠳ᠋ᠦᠩ ᠶᠤᠸᠠᠨ ᠶᠥᠩ ᠲᠣᠰᠬᠤᠨ ᠤ ᠠᠷᠠᠳ ᠤᠨ ᠵᠥᠪᠯᠡᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃     ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠬᠤ ᠳᠤᠮᠳᠠ᠂ ᠲᠣᠰᠬᠤᠨ ᠤ ᠺᠠᠳ᠋ᠷ᠂ ᠲᠣᠰᠬᠤᠨ ᠳᠤ ᠰᠠᠭᠤᠭ᠎ᠠ ᠺᠠᠳ᠋ᠷᠴᠤᠳ ᠠᠮᠢᠳᠤᠯᠢᠭ ᠪᠣᠳᠠᠲᠠᠢ ᠵᠢᠱᠢᠶ᠎ᠡ ᠪᠠᠷ ᠣᠯᠠᠨ ᠲᠦᠮᠡᠨ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠨ ᠬᠡᠷᠡᠭᠯᠡᠬᠦ ᠶᠢᠨ ᠴᠢᠬᠤᠯᠠ ᠠᠴᠢ ᠬᠤᠯᠪᠣᠭᠳᠠᠯ ᠢ ᠪᠦᠬᠦ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠵᠤ᠂ ᠣᠯᠠᠨ ᠲᠦᠮᠡᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠣᠯ ᠱᠤᠭᠤᠮ ᠤᠨ ᠰᠡᠳᠬᠢᠬᠦᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠵᠤ᠂ ᠳ᠋ᠦᠩ ᠶᠤᠸᠠᠨ ᠶᠥᠩ ᠲᠣᠰᠬᠤᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠃     ᠲᠤᠰ ᠤᠳᠠᠭᠠᠨ ᠤ ᠡᠷᠦᠬᠡ ᠳᠤ ᠣᠷᠣᠵᠤ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠲᠣᠰᠬᠤᠨ ᠤ ᠠᠷᠠᠳ ᠢ ᠦᠨᠳᠦᠰᠦᠲᠡᠨ ᠤ ᠪᠦᠯᠬᠦᠮᠳᠡᠯ ᠢ ᠤᠬᠠᠮᠰᠠᠷ ᠠᠴᠠ ᠪᠠᠨ ᠬᠠᠮᠠᠭᠠᠯᠠᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠦᠢᠯᠡᠳᠦᠯᠭᠡᠵᠢᠭᠦᠯᠬᠦ ᠦᠵᠡᠯ ᠰᠠᠨᠠᠭ᠎ᠠ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠲᠡᠨ ᠨᠦᠭᠦᠳ ᠤᠨ ᠭᠠᠷ  ᠭᠠᠷ ᠢᠶᠠᠨ  ᠬᠤᠯᠪᠣᠯᠴᠠᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠶᠢ ᠦᠨᠡᠨ ᠬᠦ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠭᠦᠮᠦᠰ  ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠪᠡ᠃
 
ᠢᠷᠡᠯᠲᠡ᠄ ᠶᠢᠨ ᠬᠤᠣ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号