ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠭᠦᠶᠡᠩ ᠰᠢᠶᠠᠨ ᠳᠤ ᠬᠦᠷᠴᠦ ᠺᠠᠳ᠋ᠷ ᠤᠨ ᠰᠤᠷᠭᠠᠨ ᠬᠥᠮᠦᠵᠢᠯ ᠤᠨ ᠬᠤᠯᠪᠣᠭ᠎ᠠ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/10
    9 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠨᠢᠭᠡᠳᠦᠭᠡᠷ ᠳᠡᠳ᠋ ᠰᠤᠷᠭᠠᠭᠤᠯᠢ ︵ᠳᠡᠭᠡᠳᠦ ᠰᠤᠷᠭᠠᠭᠤᠯᠢ︶ ᠶᠢᠨ ᠳᠠᠷᠤᠭ᠎ᠠ ᠭᠤᠤ ᠽᠤ ᠬᠦᠢ ᠨᠡᠷ ᠭᠦᠶᠡᠩ ᠰᠢᠶᠠᠨ ᠤ ᠨᠠᠮ ᠤᠨ ᠰᠤᠷᠭᠠᠭᠤᠯᠢ ᠳᠤ ᠬᠦᠷᠴᠦ ᠠᠭᠤᠯᠠᠨ ᠤ ᠠᠷᠦ ᠳ᠋ᠭᠢ ᠭᠠᠵᠠᠷ ᠣᠷᠣᠨ ᠤ ᠺᠠᠳ᠋ᠷ ᠤᠨ ᠰᠤᠷᠭᠠᠨ ᠬᠥᠮᠦᠵᠢᠯ ᠤᠨ ᠬᠤᠯᠪᠣᠭ᠎ᠠ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠳ᠋ᠦᠩ ᠰᠢᠨ ᠶᠤᠸᠡᠢ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠶᠢᠩᠭᠤ ᠶᠢᠨ ᠳᠡᠳ᠋ ᠵᠠᠬᠢᠷᠤᠯ ᠬᠤᠸᠠᠩ ᠮᠢᠨ᠂ ᠰᠢᠶᠠᠨ ᠤ ᠨᠠᠮ ᠤᠨ ᠬᠤᠷᠢᠶᠠᠨ ᠤ ᠱᠦᠵᠢ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠵᠠᠬᠢᠷᠤᠯ ᠶᠣᠣ ᠵᠢᠶᠦ᠋ᠨ ᠵᠢᠶᠧ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃ ᠭᠦᠶᠡᠩ ᠰᠢᠶᠠᠨ᠂ ᠪᠠᠶᠠᠨ᠋ᠣ᠋ᠪᠤᠭ᠎ᠠ ᠠᠭᠤᠷᠬᠠᠢ ᠶᠢᠨ ᠲᠣᠭᠤᠷᠢᠭ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠤᠷᠪᠠᠨ ᠭᠠᠵᠠᠷ ᠤᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠢᠴᠢ ᠨᠠᠮ ᠤᠨ ᠰᠤᠷᠭᠠᠭᠤᠯᠢ ᠶᠢᠨ ᠪᠠᠶᠢᠩᠭᠤ ᠶᠢᠨ ᠳᠡᠳ᠋ ᠵᠠᠬᠢᠷᠤᠯ ᠠᠵᠢᠯᠯᠠᠭ᠎ᠠ ᠳᠤ ᠣᠷᠣᠯᠴᠠᠵᠠᠢ᠃     ᠭᠤᠤ ᠽᠤ ᠬᠦᠢ ᠭᠦᠶᠡᠩ ᠤᠨ ᠨᠠᠮ ᠤᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ᠂ ᠵᠢᠭᠠᠨ ᠰᠤᠷᠭᠠᠯᠲᠠ ᠶᠢᠨ ᠲᠠᠯᠠᠪᠤᠷ ᠵᠡᠷᠭᠡ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠺᠠᠳ᠋ᠷ ᠤᠨ ᠬᠥᠮᠦᠵᠢᠯ ᠪᠣᠯᠪᠠᠰᠤᠷᠠᠯ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠵᠢᠭᠠᠨ ᠰᠤᠷᠭᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠵᠥᠪᠯᠡᠯᠭᠡ ᠥᠭᠬᠦ ᠵᠡᠷᠭᠡ ᠲᠠᠯ᠎ᠠ ᠶᠢᠨ ᠠᠵᠢᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠨ ᠶᠠᠷᠢᠯᠴᠠᠪᠠ᠃ ᠳᠠᠷᠠᠭ᠎ᠠ ᠨᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ᠂ ᠭᠦᠶᠡᠩ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠶᠢᠨ ᠠᠪᠴᠢᠷᠠᠭᠰᠠᠨ ᠬᠡᠷᠡᠭ ᠤᠨ ᠵᠢᠱᠢᠶ᠎ᠡ ᠶᠢᠨ ᠬᠢᠴᠢᠶᠡᠯ ᠪᠣᠯᠤᠨ ᠦᠵᠡᠭᠳᠡᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠦᠵᠡᠭᠦᠯᠭᠡ ᠶᠢᠨ ᠲᠣᠭᠯᠠᠯᠲᠠ ᠶᠢ ᠲᠣᠭᠤᠷᠢᠨ ᠦᠵᠡᠭᠰᠡᠨ ᠪᠥᠭᠡᠳ ᠬᠢᠴᠢᠶᠡᠯ ᠤᠨ ᠠᠭᠤᠯᠭ᠎ᠠ ᠳᠤ ᠦᠨᠡᠯᠡᠯᠲᠡ ᠬᠢᠵᠦ ᠵᠢᠭᠠᠨ ᠵᠢᠯᠣᠭᠤᠳᠪᠠ᠃     ᠭᠤᠤ ᠽᠤ ᠬᠦᠢ ᠠᠭᠤᠯᠠᠨ ᠤ ᠬᠤᠶᠢᠲᠤ ᠬᠡᠰᠡᠭ ᠤᠨ ᠭᠠᠵᠠᠷ ᠣᠷᠣᠨ ᠤ ᠺᠠᠳ᠋ᠷ ᠤᠨ ᠰᠤᠷᠭᠠᠨ ᠬᠥᠮᠦᠵᠢᠯ ᠤᠨ ᠬᠤᠯᠪᠣᠭ᠎ᠠ ᠪᠠᠶᠢᠭᠤᠯᠤᠭᠳᠠᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠲᠡᠷᠡ ᠵᠢᠭᠠᠵᠤ ᠭᠠᠷᠭᠠᠭᠰᠠᠨ ᠨᠢ᠂ ᠲᠤᠰ ᠬᠤᠯᠪᠣᠭ᠎ᠠ ᠶᠢ ᠪᠠᠶᠢᠭᠤᠯᠤᠭᠰᠠᠨ ᠶᠠᠪᠤᠳᠠᠯ ᠪᠣᠯ ᠪᠤᠭᠤᠲᠤ ᠬᠤᠲᠠ ᠶᠢᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠭᠠᠭᠤᠯᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠵᠢᠴᠢ ᠪᠦᠬᠦ ᠤᠯᠤᠰ᠂ ᠪᠦᠬᠦ ᠣᠷᠣᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠳᠠᠷᠤᠭ᠎ᠠ ᠨᠠᠷ ᠤᠨ ᠬᠤᠷᠠᠯ᠂ ᠪᠦᠬᠦ ᠬᠤᠲᠠ ᠶᠢᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠪᠦᠬᠦ ᠣᠷᠣᠨ ᠤ ᠬᠠᠮᠤᠭ ᠤᠨ ᠰᠢᠯᠢᠳᠡᠭ᠂ ᠪᠦᠬᠦ ᠤᠯᠤᠰ ᠤᠨ ᠲᠡᠷᠢᠭᠦᠨ ᠤ︾ ᠨᠠᠮ ᠤᠨ ᠰᠤᠷᠭᠠᠭᠤᠯᠢ ᠶᠢ ᠪᠠᠶᠢᠭᠤᠯᠬᠤ ᠬᠦᠴᠦᠲᠡᠢ ᠠᠷᠭ᠎ᠠ ᠬᠡᠮᠵᠢᠶ᠎ᠡ ᠮᠥᠨ᠂ ᠪᠠᠰᠠ ᠴᠤ ︽ᠲᠠᠶᠢᠯᠬᠤ ᠰᠡᠳᠬᠢᠬᠦᠢ︾ ᠪᠠᠷ ᠪᠤᠶᠢᠳᠠ ᠪᠥᠭᠯᠡᠭᠦᠦ ᠭᠠᠵᠠᠷ ᠣᠷᠣᠨ ᠤ ᠺᠠᠳ᠋ᠷ ᠤᠨ ᠰᠤᠷᠭᠠᠨ ᠬᠥᠮᠦᠵᠢᠯ ᠤᠨ ᠠᠵᠢᠯ ᠤᠨ ᠳᠡᠰ ᠳᠡᠪᠰᠢᠬᠦ ᠶᠢ ᠠᠬᠢᠭᠤᠯᠬᠤ ᠢᠳᠡᠪᠬᠢᠲᠡᠢ ᠬᠠᠶᠢᠨ ᠰᠥᠪᠡᠭᠴᠢᠯᠡᠯᠲᠡ ᠮᠥᠨ᠃     ᠭᠤᠤ ᠽᠤ ᠬᠦᠢ ᠵᠢᠭᠠᠬᠤ ᠲᠠᠭᠠᠨ᠂ ᠰᠤᠷᠭᠠᠨ ᠬᠥᠮᠦᠵᠢᠯ ᠤᠨ ᠬᠤᠯᠪᠣᠭ᠎ᠠ ᠶᠢ ᠪᠠᠶᠢᠭᠤᠯᠬᠤ ᠨᠢ ᠴᠢᠬᠤᠯᠠ ᠠᠴᠢ ᠬᠤᠯᠪᠣᠭᠳᠠᠯ ᠲᠠᠢ ᠶᠤᠮ᠃ ᠨᠢᠭᠡ ᠳᠤ᠂ ᠰᠢᠰᠲ᠋ᠧᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠪᠡᠶᠡᠯᠡᠭᠦᠯᠵᠦ᠂ ᠡᠯ᠎ᠡ ᠨᠠᠮ ᠤᠨ ᠰᠤᠷᠭᠠᠭᠤᠯᠢ ᠡᠬᠢ ᠪᠠᠶᠠᠯᠢᠭ ᠢ ᠬᠠᠮᠤᠭ ᠤᠨ ᠶᠡᠭᠡ ᠪᠠᠷ ᠠᠰᠢᠭᠯᠠᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠦᠷ᠎ᠡ ᠪᠦᠲᠦᠭᠡᠯ ᠢᠶᠠᠨ ᠬᠠᠮᠲᠤ ᠪᠠᠷ ᠡᠳ᠋ᠯᠡᠵᠦ᠂ ᠬᠠᠷᠢᠯᠴᠠᠨ ᠰᠣᠯᠢᠯᠴᠠᠬᠤ᠂ ᠯᠠᠪᠯᠠᠯᠲᠠ ᠪᠣᠯᠭᠠᠬᠤ ᠪᠠᠷ ᠳᠠᠮᠵᠢᠭᠤᠯᠤᠨ᠂ ᠬᠠᠮᠲᠤ ᠪᠠᠷ ᠳᠡᠭᠡᠭᠰᠢᠯᠡᠬᠦ ᠶᠢ ᠪᠡᠶᠡᠯᠡᠭᠦᠯᠦᠨ᠎ᠡ᠃ ᠬᠤᠶᠠᠷ ᠲᠤ᠂ ᠬᠥᠭᠵᠢᠯᠲᠡ ᠶᠢᠨ ᠠᠰᠠᠭᠤᠳᠠᠯ ᠢ ᠬᠦᠴᠦ ᠪᠠᠨ ᠬᠠᠮᠲᠤᠳᠬᠠᠨ ᠰᠢᠢᠳᠪᠦᠷᠢᠯᠡᠵᠦ᠂ ᠨᠠᠮ ᠤᠨ ᠰᠤᠷᠭᠠᠭᠤᠯᠢ ᠶᠢᠨ ᠬᠤᠯᠪᠣᠭ᠎ᠠ ᠨᠢ ᠬᠥᠭᠵᠢᠯᠲᠡ ᠶᠢᠨ ᠳᠤᠮᠳᠠ ᠲᠤᠯᠭᠠᠷᠠᠭᠰᠠᠨ ᠠᠰᠠᠭᠤᠳᠠᠯ ᠳᠤ ︽ᠬᠠᠮᠲᠤᠷᠠᠨ ᠣᠨᠣᠰᠢᠯᠠᠬᠤ︾᠂ ᠠᠰᠠᠭᠤᠳᠠᠯ ᠢ ᠰᠢᠢᠳᠪᠦᠷᠢᠯᠡᠬᠦ ᠬᠠᠮᠤᠭ ᠤᠨ ᠰᠠᠶᠢᠨ ᠲᠥᠰᠦᠯ ᠪᠠ ᠠᠷᠭ᠎ᠠ ᠵᠠᠮ ᠢ ᠬᠠᠮᠲᠤ ᠪᠠᠷ ᠰᠤᠳᠤᠯᠵᠤ᠂ ᠠᠰᠠᠭᠤᠳᠠᠯ ᠢ ᠰᠢᠢᠳᠪᠦᠷᠢᠯᠡᠬᠦ ︽ᠣᠶᠤᠨ ᠤ ᠬᠥᠮᠥᠷᠭᠡ︾ ᠪᠠ ︽ᠲᠦᠯᠬᠢᠭᠴᠢ︾ ᠪᠣᠯᠵᠤ ᠪᠣᠯᠤᠨ᠎ᠠ᠃ ᠭᠤᠷᠪᠠ ᠳᠤ᠂ ᠪᠦᠬᠦᠯᠢ ᠴᠣᠭᠴᠠ ᠪᠠᠷ ᠨᠢ ᠬᠠᠮᠲᠤ ᠪᠠᠷ ᠬᠥᠭᠵᠢᠬᠦ ᠶᠢ ᠠᠬᠢᠭᠤᠯᠵᠤ᠂ ᠨᠠᠮ ᠤᠨ ᠰᠤᠷᠭᠠᠭᠤᠯᠢ ᠶᠢᠨ ᠬᠤᠯᠪᠣᠭ᠎ᠠ ᠨᠢ ᠥᠷᠢᠰᠥᠯᠳᠦᠭᠡᠨ ᠤ ᠠᠷᠭ᠎ᠠ᠂ ᠦᠨᠡᠯᠡᠨ ᠵᠢᠱᠢᠬᠦ ᠨᠠᠷᠢᠨ ᠳᠦᠷᠢᠮ ᠪᠠ ᠱᠠᠩᠨᠠᠨ ᠬᠥᠬᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠡᠮᠬᠢ ᠵᠢᠷᠤᠮ ᠲᠠᠢ ᠥᠷᠢᠰᠥᠯᠳᠦᠬᠦ ᠪᠠ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠬᠦ ᠶᠢ ᠪᠡᠶᠡᠯᠡᠭᠦᠯᠵᠦ᠂ ᠨᠠᠮ ᠤᠨ ᠰᠤᠷᠭᠠᠭᠤᠯᠢ ᠶᠢᠨ ᠪᠦᠬᠦᠯᠢ ᠴᠣᠭᠴᠠ ᠶᠢᠨ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠵᠦ ᠪᠣᠯᠤᠨ᠎ᠠ ᠭᠡᠪᠡ᠃     ᠭᠤᠤ ᠽᠤ ᠬᠦᠢ᠂ ᠨᠠᠮ ᠤᠨ ᠰᠤᠷᠭᠠᠭᠤᠯᠢ ᠨᠢ ᠨᠠᠮ ᠤᠨ ᠰᠤᠷᠭᠠᠭᠤᠯᠢ ᠪᠣᠯ ᠨᠠᠮ ᠤᠨ ᠬᠢ ᠪᠣᠯᠬᠤ ᠶᠢ ᠪᠠᠷᠢᠮᠲᠠᠯᠠᠵᠤ᠂ ᠣᠨᠣᠯ ᠤᠨ ᠬᠥᠮᠦᠵᠢᠯ ᠪᠣᠯᠤᠨ ᠨᠠᠮᠴᠢ ᠴᠢᠨᠠᠷ ᠤᠨ ᠬᠥᠮᠦᠵᠢᠯ ᠢ ᠲᠤᠪᠤᠶᠢᠯᠭᠠᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠤᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠨᠠᠮ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠶᠢ ᠪᠠᠷᠢᠮᠲᠠᠯᠠᠵᠤ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠤᠯᠤᠰ ᠲᠥᠷᠥ ᠪᠠᠷ ᠰᠤᠷᠭᠠᠭᠤᠯᠢ ᠪᠠᠶᠢᠭᠤᠯᠬᠤ᠂ ᠶᠠᠰᠤ ᠴᠢᠨᠠᠷ ᠢᠶᠠᠷ ᠰᠤᠷᠭᠠᠭᠤᠯᠢ ᠪᠠᠶᠢᠭᠤᠯᠬᠤ᠂ ᠰᠢᠨᠵᠢᠯᠡᠬᠦ ᠤᠬᠠᠭᠠᠨ ᠤ ᠰᠤᠳᠤᠯᠭᠠᠨ ᠢᠶᠠᠷ ᠰᠤᠷᠭᠠᠭᠤᠯᠢ ᠶᠢ ᠮᠠᠨᠳᠤᠭᠤᠯᠬᠤ᠂ ᠰᠤᠷᠭᠠᠭᠤᠯᠢ ᠶᠢ ᠴᠢᠩᠭ᠎ᠠ ᠵᠠᠰᠠᠬᠤ ᠲᠠᠯ᠎ᠠ ᠪᠠᠷ ᠳᠠᠬᠢᠨ ᠬᠦᠴᠦᠯᠡᠵᠦ᠂ ᠰᠢᠨ᠎ᠡ ᠴᠠᠭ ᠦᠶ᠎ᠡ ᠶᠢᠨ ᠨᠠᠮ ᠤᠨ ᠰᠤᠷᠭᠠᠭᠤᠯᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号