2024 ᠣᠨ ᠤ 9 ᠰᠠᠷ᠎ᠠ ᠶᠢᠨ 7 ᠤ ᠡᠳᠦᠷ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠡᠳᠦᠷ ᠬᠦᠷᠴᠦ ᠢᠷᠡᠬᠦ | ᠲᠠᠰᠢᠷᠠᠮ ᠢᠶᠠᠷ᠂ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ | ᠨᠢᠭᠡᠳᠦᠭᠡᠷ ᠨᠠᠮ ᠤᠨ ᠡᠭᠦᠷ ᠪᠣᠯᠤᠨ ᠪᠤᠭᠤᠲᠤ ᠬᠤᠲᠠ ᠶᠢᠨ ᠨᠠᠰᠤᠲᠠᠨ ᠢᠶᠠᠨ ᠬᠠᠶᠢᠷᠠᠯᠠᠵᠤ ᠨᠠᠰᠤᠲᠠᠨ ᠢ ᠬᠠᠪᠰᠤᠷᠬᠤ | ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠨᠡᠶᠢᠲᠡ ᠶᠢᠨ ᠠᠰᠠᠷᠠᠮᠵᠢ ᠶᠢᠨ ᠨᠡᠶᠢᠭᠡᠮᠯᠢᠭ ᠰᠢ ᠳ᠋ᠧᠦ ᠫᠦ᠋ ᠪᠠᠯᠭᠠᠰᠤᠨ ᠳᠤ | ᠬᠦᠷᠴᠦ ᠨᠠᠢᠮᠠᠨ ᠰᠠᠷ᠎ᠠ ᠶᠢᠨ ᠲᠡᠷᠭᠡᠯ ᠪᠠᠶᠠᠷ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ ᠰᠢᠶᠠᠨ ᠤ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠳ᠋ᠤᠸᠠᠨ ᠰᠢᠤ ᠸᠧᠨ᠂ ᠪᠠᠯᠭᠠᠰᠤᠨ ᠤ ᠨᠠᠮ ᠤᠨ ᠬᠤᠷᠢᠶᠠᠨ ᠤ | ᠱᠦᠵᠢ ᠯᠢ ᠯᠢᠩ ᠪᠢᠨ ᠪᠠᠷ᠎ᠠ ᠪᠣᠯᠪᠠ᠃ | ᠲᠤᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠶᠢᠨ ᠵᠣᠷᠢᠯᠭ᠎ᠠ ᠨᠢ ᠳᠤᠮᠳᠠᠳᠤ ᠶᠢᠨ ᠦᠨᠳᠦᠰᠦᠲᠡᠨ ᠤ | ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ᠂ ᠠᠶᠤᠯ ᠠᠴᠠ ᠠᠪᠤᠷᠠᠵᠤ ᠬᠦᠴᠢᠷᠳᠡᠯ ᠠᠴᠠ ᠲᠤᠰᠠᠯᠠᠬᠤ | ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠬᠤ ᠶᠢᠨ ᠲᠥᠯᠥᠭᠡ ᠪᠥᠭᠡᠳ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠬᠦᠴᠢᠷᠳᠡᠯᠲᠡᠢ ᠬᠥᠮᠦᠰ ᠢ ᠬᠠᠯᠠᠮᠵᠢᠯᠠᠨ ᠬᠠᠶᠢᠷᠠᠯᠠᠬᠤ ᠰᠡᠳᠬᠢᠯᠭᠡ ᠶᠢ ᠢᠯᠡᠷᠡᠭᠦᠯᠦᠭᠰᠡᠨ ᠪᠠᠶᠢᠨ᠎ᠠ | ᠃ ᠲᠣᠬᠤᠨᠢᠭᠤᠯᠬᠤ ᠪᠦᠯᠬᠦᠮ ᠤᠨ ᠬᠢᠨ ᠡᠯᠪᠡᠭ ᠪᠠᠶᠠᠯᠢᠭ ᠲᠣᠬᠤᠨᠢᠭᠤᠯᠬᠤ ᠪᠣᠳᠠᠰ ᠢᠶᠠᠨ ᠨᠠᠷᠢᠨ ᠨᠢᠮᠪᠠᠢ ᠪᠡᠯᠡᠳᠬᠡᠵᠦ᠂ | ᠰᠢ ᠳ᠋ᠧᠦ ᠫᠦ᠋ ᠪᠠᠯᠭᠠᠰᠤᠨ ᠤ ᠶᠠᠳᠠᠭᠤ ᠬᠦᠴᠢᠷᠳᠡᠯᠲᠡᠢ ᠭᠡᠷ ᠪᠦᠯᠢ᠂ ᠥᠨᠥᠴᠢᠨ ᠪᠡᠯᠪᠡᠰᠦᠨ ᠨᠠᠰᠤᠲᠠᠨ ᠵᠡᠷᠭᠡ ᠳᠤ | ᠦᠨᠡᠨ ᠪᠣᠳᠠᠲᠠᠢ ᠬᠠᠶᠢᠷ᠎ᠠ ᠬᠠᠯᠠᠮᠵᠢ ᠬᠦᠷᠭᠡᠪᠡ᠃ | ᠡᠷᠦᠬᠡ ᠪᠦᠷᠢ ᠳᠤ ᠬᠦᠷᠬᠦ ᠪᠦᠷᠢ᠂ ᠣᠯᠠᠨ ᠲᠦᠮᠡᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ | ᠠᠮᠢᠳᠤᠷᠠᠯ ᠤᠨ ᠪᠠᠶᠢᠳᠠᠯ ᠪᠣᠯᠤᠨ ᠪᠣᠳᠠᠲᠠᠢ ᠬᠡᠷᠡᠭᠴᠡᠭᠡ ᠶᠢ ᠣᠶᠢᠯᠠᠭᠠᠵᠤ᠂ ᠲᠡᠳᠡᠨ ᠳᠤ ᠨᠡᠶᠢᠭᠡᠮ ᠤᠨ ᠶᠡᠭᠡ ᠭᠡᠷ | ᠪᠦᠯᠢ ᠶᠢᠨ ᠬᠠᠯᠠᠭᠤᠨ ᠳᠤᠯᠠᠭᠠᠨ ᠢ ᠮᠡᠳᠡᠷᠡᠭᠦᠯᠪᠡ᠃ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ | ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠨᠢᠭᠡᠳᠦᠭᠡᠷ ᠨᠠᠮ ᠤᠨ ᠡᠭᠦᠷ ᠪᠣᠯᠤᠨ ᠪᠤᠭᠤᠲᠤ ᠬᠤᠲᠠ ᠶᠢᠨ | ᠨᠠᠰᠤᠲᠠᠨ ᠢᠶᠠᠨ ᠬᠠᠶᠢᠷᠠᠯᠠᠵᠤ ᠨᠠᠰᠤᠲᠠᠨ ᠢᠶᠠᠨ ᠬᠠᠪᠰᠤᠷᠬᠤ ᠰᠠᠶᠢᠨ ᠳᠤᠷ᠎ᠠ ᠶᠢᠨ ᠠᠵᠢᠯᠯᠠᠭᠴᠢ ᠶᠢᠨ ᠨᠡᠶᠢᠲᠡ ᠶᠢᠨ | ᠠᠰᠠᠷᠠᠮᠵᠢ ᠶᠢᠨ ᠨᠡᠶᠢᠭᠡᠮᠯᠢᠭ ᠤᠨ ᠲᠥᠯᠥᠭᠡᠯᠡᠭᠴᠢᠳ ᠪᠠᠰᠠ ᠰᠢ ᠳ᠋ᠧᠦ ᠫᠦ᠋ ᠪᠠᠯᠭᠠᠰᠤᠨ ᠤ ᠬᠥᠭᠵᠢᠯᠲᠡ ᠶᠢ | ᠦᠷᠭᠦᠯᠵᠢᠯᠡᠨ ᠠᠩᠬᠠᠷᠴᠤ᠂ ᠲᠤᠬᠠᠢ ᠶᠢᠨ ᠭᠠᠵᠠᠷ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠣᠯᠤᠨ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠢᠳᠡᠪᠬᠢᠲᠡᠢ ᠪᠠᠷ ᠬᠦᠴᠦᠨ ᠴᠢᠳᠠᠯ ᠢᠶᠠᠨ ᠡᠷᠭᠦᠨ᠎ᠡ ᠭᠡᠵᠦ | ᠢᠯᠡᠳᠬᠡᠪᠡ᠃ | ᠡᠨᠡ ᠤᠳᠠᠭᠠᠨ ᠤ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠲᠣᠬᠤᠨᠢᠭᠤᠯᠬᠤ ᠠᠵᠢᠯᠯᠠᠭ᠎ᠠ ᠨᠢ ᠰᠢ ᠳ᠋ᠧᠦ ᠫᠦ᠋ | ᠪᠠᠯᠭᠠᠰᠤᠨ ᠤ ᠰᠠᠭᠤᠭᠠᠯᠢ ᠠᠷᠠᠳ ᠲᠤ ᠡᠳ᠋ ᠪᠣᠳᠠᠰ ᠤᠨ ᠲᠠᠯ᠎ᠠ ᠪᠠᠷ ᠬᠠᠪᠰᠤᠷᠤᠯᠭ᠎ᠠ ᠦᠵᠡᠭᠦᠯᠦᠭᠰᠡᠨ ᠢᠶᠠᠷ ᠪᠠᠷᠠᠬᠤ | ᠦᠭᠡᠢ᠂ ᠨᠡᠩ ᠴᠢᠬᠤᠯᠠ ᠨᠢ ᠲᠡᠳᠡᠨ ᠳᠤ ᠣᠶᠤᠨ ᠰᠠᠨᠠᠭᠠᠨ ᠤ ᠲᠠᠯ᠎ᠠ ᠪᠠᠷ ᠲᠠᠶᠢᠳᠬᠤᠷᠠᠭᠤᠯᠵᠤ᠂ | ᠦᠨᠳᠦᠰᠦᠲᠡᠨ ᠨᠦᠭᠦᠳ ᠤᠨ ᠬᠤᠭᠤᠷᠣᠨᠳᠣᠬᠢ ᠰᠣᠯᠢᠯᠴᠠᠭ᠎ᠠ᠂ ᠶᠠᠪᠤᠯᠴᠠᠭ᠎ᠠ ᠪᠠ ᠠᠭᠤᠰᠤᠯᠴᠠᠯ ᠢ ᠨᠡᠮᠡᠭᠳᠡᠭᠦᠯᠦᠭᠰᠡᠨ | ᠪᠠᠶᠢᠨ᠎ᠠ᠃ |