ᠭᠦᠶᠡᠩ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ 9 ᠳ᠋ᠦ᠋ᠭᠡᠷ ᠰᠠᠷ᠎ᠠ ᠶᠢᠨ ᠡᠭᠦᠷᠭᠡ ᠶᠢᠨ ᠨᠠᠷᠢᠨ ᠳᠠᠩᠰᠠ
ᠨᠡᠶᠢᠲᠡᠯᠡᠭᠰᠡᠨ ᠴᠠᠭ᠄
2024/9/10
    1. ᠪᠢᠳᠡᠨ ᠤ ᠪᠠᠶᠠᠷ ᠳᠤᠷᠠᠰᠬᠠᠯ ᠤᠨ ᠡᠳᠦᠷ ᠨᠠᠢᠮᠠᠨ ᠰᠠᠷ᠎ᠠ ᠶᠢᠨ ᠲᠡᠷᠭᠡᠯ ᠪᠠᠶᠠᠷ᠃ ᠭᠦᠶᠡᠩ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠶᠧᠪᠡᠩ ᠬᠢᠭᠰᠡᠨ᠂ ᠳ᠋ᠧᠩᠯᠦ DIY᠂ ᠰᠢᠷ ᠳᠡᠪᠢᠭᠦᠷ ᠦᠢᠯᠡᠳᠬᠦ᠂ ᠳ᠋ᠧᠩ ᠤᠨ ᠣᠨᠢᠰᠤᠭ᠎ᠠ ᠲᠠᠭᠠᠨ᠎ᠠ ᠁ ᠠᠯᠢ ᠣᠯᠠᠨ ᠠᠵᠢᠯᠯᠠᠭ᠎ᠠ ᠪᠠᠷ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠡᠶ᠎ᠡ ᠵᠣᠬᠢᠴᠠᠯ᠂ ᠰᠠᠶᠢᠨ ᠰᠠᠶᠢᠬᠠᠨ ᠰᠣᠶᠣᠯ ᠤᠨ ᠷᠢᠳᠢ ᠰᠢᠳᠢ ᠶᠢ ᠭᠠᠶᠢᠬᠠᠭᠤᠯᠤᠨ᠎ᠠ᠃     2. ︽ᠬᠠᠵᠠᠭᠤ ᠳᠤᠨᠢ ᠠᠪᠤᠷᠠᠬᠤ︾ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠤᠷᠠᠭᠤᠯᠤᠯ᠃ ᠭᠦᠶᠡᠩ ᠰᠢᠶᠠᠨ ᠤ ᠠᠪᠤᠷᠠᠨ ᠲᠤᠰᠠᠯᠠᠬᠤ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ ᠲᠤ ᠣᠷᠣᠭᠤᠯᠤᠨ ᠰᠠᠭᠤᠭᠠᠯᠢ ᠠᠷᠠᠳ ᠣᠯᠠᠨ ᠳᠤ AED᠂ ᠠᠪᠤᠷᠠᠨ ᠲᠤᠰᠠᠯᠠᠭᠴᠢ ᠶᠢᠨ ᠪᠣᠯᠪᠠᠰᠤᠷᠠᠯ ᠢ ᠥᠷᠨᠢᠭᠦᠯᠵᠦ᠂ ᠣᠯᠠᠨ ᠲᠦᠮᠡᠨ ᠤ ᠭᠡᠨᠡᠳᠲᠡ ᠶᠢᠨ ᠪᠠᠶᠢᠳᠠᠯ ᠢ ᠠᠷᠭᠠᠴᠠᠬᠤ ᠥᠪᠡᠷ ᠢ ᠪᠠᠨ ᠠᠪᠤᠷᠠᠬᠤ ᠴᠢᠳᠠᠪᠤᠷᠢ ᠶᠢ  ᠨᠡᠮᠡᠭᠳᠡᠭᠦᠯᠦᠨ᠎ᠡ᠃     3. ︽ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ︾᠃ ᠭᠦᠶᠡᠩ ᠰᠢᠶᠠᠨ ᠤ ᠠᠮᠤᠷ ᠠᠮᠤᠭᠤᠯᠠᠩ ᠬᠠᠤᠯᠢ ᠳᠦᠷᠢᠮ ᠤᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠣᠯᠠᠨ ᠴᠠᠭᠳᠠᠭᠠᠨ ᠤ ᠲᠥᠷᠥᠯ ᠲᠠᠢ ᠬᠠᠮᠲᠤᠷᠠᠨ ᠰᠤᠷᠭᠠᠭᠤᠯᠢ ᠶᠢᠨ ᠬᠦᠷᠢᠶᠡᠨ ᠳᠤ ᠣᠷᠣᠵᠤ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠤᠨ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠥᠷᠨᠢᠭᠦᠯᠵᠦ᠂ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ᠂ PPT ᠶᠢ ᠨᠡᠪᠲᠡᠷᠡᠭᠦᠯᠬᠦ᠂ ᠬᠠᠷᠢᠯᠴᠠᠨ ᠬᠥᠳᠡᠯᠦᠯᠴᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠭᠰᠢ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠮᠡᠳᠡᠯᠭᠡ᠂ ᠬᠤᠣᠷ ᠴᠠᠭᠠᠵᠠᠯᠠᠬᠤ ᠮᠡᠳᠡᠯᠭᠡ᠂ ᠮᠡᠬᠡᠯᠡᠯ ᠢ ᠰᠡᠷᠭᠡᠶᠢᠯᠡᠬᠦ ᠮᠡᠳᠡᠯᠭᠡ ᠵᠡᠷᠭᠡ ᠶᠢ ᠲᠠᠶᠢᠯᠪᠤᠷᠢᠯᠠᠨ᠎ᠠ᠃     4. ︽ᠠᠮᠢᠳᠤᠯᠢᠭ ᠢᠶᠠᠷ ᠠᠵᠢᠯ ᠣᠯᠤᠭᠰᠠᠳ ᠢ ᠰᠦᠯᠵᠢᠶᠡᠨ ᠭᠠᠳᠠᠨ᠎ᠠ ᠤᠷᠢᠵᠤ ᠡᠯᠰᠡᠬᠦ︾ ᠠᠵᠢᠯᠯᠠᠭ᠎ᠠ᠃ ᠭᠦᠶᠡᠩ ᠰᠢᠶᠠᠨ ᠤ ᠠᠷᠠᠳ ᠤᠨ ᠠᠮᠢᠳᠤᠷᠠᠯ ᠤᠨ ᠲᠥᠷᠥ ᠶᠢᠨ ᠪᠣᠳᠣᠯᠭ᠎ᠠ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠠᠮᠢᠳᠤᠯᠢᠭ ᠢᠶᠠᠷ ᠠᠵᠢᠯ ᠣᠯᠭᠤᠬᠤ ᠦᠢᠯᠡᠴᠢᠯᠡᠭᠡᠨ ᠤ ᠥᠷᠲᠡᠭᠡ ᠪᠠᠷ ᠳᠠᠮᠵᠢᠭᠤᠯᠤᠨ ᠠᠮᠢᠳᠤᠯᠢᠭ ᠢᠶᠠᠷ ᠠᠵᠢᠯ ᠣᠯᠭᠤᠬᠤ ᠬᠥᠮᠦᠰ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠤᠬᠠᠭᠤᠯᠤᠨ᠎ᠠ᠃     5. ᠰᠤᠷᠤᠯᠭ᠎ᠠ ᠶᠢ ᠲᠡᠳᠬᠦᠵᠦ ᠬᠦᠰᠡᠯ ᠵᠡᠭᠦᠳᠦ ᠪᠠᠨ ᠲᠡᠷᠭᠡᠯᠰᠢᠭᠦᠯᠬᠦ ᠠᠵᠢᠯᠯᠠᠭ᠎ᠠ᠃ ᠭᠦᠶᠡᠩ ᠰᠢᠶᠠᠨ ᠤ ᠰᠤᠷᠭᠠᠨ ᠬᠥᠮᠦᠵᠢᠯ ᠤᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠤᠬᠠᠭᠤᠯᠭ᠎ᠠ ᠶᠢᠨ ᠪᠤᠯᠤᠩ ᠭᠠᠷᠭᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠠᠰᠠᠭᠤᠨ ᠯᠠᠪᠯᠠᠬᠤ ᠵᠡᠷᠭᠡ ᠬᠡᠯᠪᠡᠷᠢ ᠪᠠᠷ ᠡᠯ᠎ᠡ ᠲᠥᠷᠥᠯ ᠤᠨ ᠡᠳ᠋ ᠮᠥᠩᠭᠦ ᠶᠢᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ ᠨᠡᠪᠲᠡᠷᠡᠭᠦᠯᠵᠦ᠂ ︽ᠨᠢᠭᠡ ᠰᠤᠷᠤᠭᠴᠢ ᠶᠢ ᠭᠡᠷ ᠪᠦᠯᠢ ᠶᠢᠨ ᠶᠠᠳᠠᠭᠤᠷᠠᠯ ᠠᠴᠠ ᠪᠣᠯᠵᠤ ᠰᠤᠷᠤᠯᠭ᠎ᠠ ᠠᠯᠳᠠᠬᠤ ᠦᠭᠡᠢ︾ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠣᠯᠠᠨ᠎ᠠ᠃     6. ︽ᠡᠯᠪᠡᠭ ᠬᠤᠷᠢᠶᠠᠯᠲᠠ ᠶᠢᠨ ᠪᠠᠶᠠᠷ︾ ᠤᠨ ᠠᠵᠢᠯᠯᠠᠭ᠎ᠠ᠃ ᠭᠦᠶᠡᠩ ᠰᠢᠶᠠᠨ ᠤ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ︽ᠡᠯᠪᠡᠭ ᠬᠤᠷᠢᠶᠠᠯᠲᠠ ᠶᠢᠨ ᠪᠠᠶᠠᠷ︾ ᠲᠠᠢ ᠤᠶᠠᠯᠳᠤᠭᠤᠯᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠳᠤ ᠦᠢᠯᠡᠴᠢᠯᠡᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠯᠠᠩ ᠢ ᠲᠤᠰᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠵᠤ᠂ ᠲᠠᠷᠢᠶᠠᠯᠠᠩ ᠢ ᠬᠠᠶᠢᠷᠠᠯᠠᠵᠤ ᠲᠠᠷᠢᠶᠠᠯᠠᠩ ᠢ ᠳᠡᠮᠵᠢᠬᠦ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ  ᠨᠡᠮᠡᠷᠢᠯᠡᠨ᠎ᠡ᠃     7. ︽ᠦᠵᠡᠯ ᠰᠠᠨᠠᠭᠠᠨ ᠤ ᠲᠠᠯ᠎ᠠ ᠪᠠᠷ ᠵᠠᠭᠤᠨ ᠨᠡᠷᠡᠰ ᠪᠣᠯᠪᠠᠰᠤᠷᠠᠯ ᠬᠦᠷᠲᠡᠭᠡᠬᠦ︾ ᠠᠵᠢᠯᠯᠠᠭ᠎ᠠ᠃ ᠭᠦᠶᠡᠩ ᠰᠢᠶᠠᠨ ᠤ ᠭᠠᠳᠠᠭᠰᠢ ᠭᠠᠷᠤᠭᠰᠠᠳ ᠤᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠨᠡᠭᠦᠳᠡᠯ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠨᠠᠮ ᠤᠨ ᠰᠤᠷᠭᠠᠭᠤᠯᠢ ᠳᠤ ᠣᠴᠢᠭᠤᠯᠤᠨ ᠪᠣᠯᠪᠠᠰᠤᠷᠠᠭᠤᠯᠬᠤ ᠠᠵᠢᠯᠯᠠᠭ᠎ᠠ ᠥᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠵᠣᠬᠢᠶᠠᠨ ᠪᠠᠶᠢᠭᠤᠯᠤᠨ ᠰᠤᠷᠤᠯᠴᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠣᠯᠪᠠᠰᠤᠷᠠᠯ ᠤᠨ ᠠᠵᠢᠯᠯᠠᠭ᠎ᠠ ᠦᠷᠨᠢᠭᠦᠯᠦᠨ᠎ᠡ᠃     8. ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠬᠤ ᠬᠡᠷᠡᠭᠲᠡᠢ᠃ ᠭᠦᠶᠡᠩ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠲᠠᠶᠢᠯᠤᠮᠵᠢ ᠬᠢᠬᠦ᠂ ᠠᠯᠪᠠᠨ ᠵᠢᠷᠤᠮ ᠤᠨ ᠡᠮᠴᠢᠯᠡᠭᠡ ᠪᠠ ᠵᠥᠪᠯᠡᠯᠭᠡ ᠥᠭᠬᠦ ᠵᠡᠷᠭᠡ ᠠᠷᠭ᠎ᠠ ᠮᠠᠶ᠋ᠢᠭ ᠢᠶᠠᠷ ᠪᠠᠯᠭᠠᠰᠤ ᠲᠣᠰᠬᠤᠨ ᠳᠤ ᠭᠦᠨᠵᠡᠭᠡᠶᠢᠷᠡᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠵᠦ᠂ ᠢᠯᠠᠩᠭᠤᠶ᠎ᠠ ᠢᠳᠡᠭᠡᠨ ᠤᠮᠳᠠᠭᠠᠨ ᠨᠠᠩ ᠡᠷᠡᠭᠦᠯ ᠮᠡᠨᠳᠦ ᠶᠢᠨ ᠲᠤᠬᠠᠢ ᠤᠬᠠᠭᠤᠯᠤᠨ ᠲᠠᠶᠢᠯᠪᠤᠷᠢᠯᠠᠨ᠎ᠠ᠃     9. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠤᠬᠠᠭᠤᠯᠭ᠎ᠠ ᠶᠢᠨ ᠠᠵᠢᠯᠯᠠᠭ᠎ᠠ᠃ ᠭᠦᠶᠡᠩ ᠰᠢᠶᠠᠨ ᠤ ᠤᠯᠠᠭᠠᠨ ᠠᠨᠠᠷ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠵᠤ ᠰᠤᠷᠭᠠᠭᠤᠯᠢ ᠳᠤ ᠣᠴᠢᠭᠤᠯᠵᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ︾ ᠶᠢᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ  ᠪᠣᠯᠭᠠᠨ᠎ᠠ᠃     10 ᠭᠦᠶᠡᠩ ᠰᠢᠶᠠᠨ ᠤ ᠰᠣᠶᠣᠯ ᠢ ᠲᠦᠮᠡᠨ ᠡᠷᠦᠬᠡ ᠳᠤ ᠣᠷᠣᠭᠤᠯᠵᠤ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠰᠤᠷᠭᠠᠭᠤᠯᠢ ᠲᠠᠢ ᠬᠠᠮᠲᠤᠷᠠᠨ ᠠᠵᠢᠯᠯᠠᠭ᠎ᠠ ᠥᠷᠨᠢᠭᠦᠯᠵᠦ᠂ ᠰᠤᠷᠤᠭᠴᠢᠳ ᠲᠤ ᠨᠢᠭᠡ ᠬᠡᠰᠡᠭ ᠪᠠᠭᠰᠢ ᠶᠢᠨ ᠪᠠᠶᠠᠷ ᠤᠨ ᠦᠭᠡ ᠢᠯᠡᠭᠡᠵᠦ᠂ ᠪᠠᠭᠰᠢ ᠨᠠᠷ ᠲᠤ ᠪᠠᠶᠠᠷ ᠤᠨ ᠡᠳᠦᠷ ᠤᠨ ᠵᠥᠩᠨᠡᠯ  ᠳᠡᠪᠰᠢᠭᠦᠯᠦᠨ᠎ᠡ᠃ 
 
ᠢᠷᠡᠯᠲᠡ᠄ ᠭᠦᠶᠡᠩ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号