2024 ᠣᠨ ᠤ 9 ᠰᠠᠷ᠎ᠠ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 41 ᠳ᠋ᠦ᠋ᠭᠡᠷ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠪᠣᠯᠤᠨ᠎ᠠ᠂ ︽ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠲᠤᠷ ᠶᠠᠷᠢᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ | ᠰᠠᠨᠠᠭᠠᠨ ᠤ ᠭᠡᠷ ᠣᠷᠣᠨ ᠢ ᠴᠣᠭᠴᠠᠯᠠᠶ᠎ᠠ︾ ᠭᠡᠬᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ | ᠰᠠᠷ᠎ᠠ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠢ | ᠪᠣᠯᠭᠠᠨ᠂ ᠵᠢᠨᠱᠠᠨ ᠪᠠᠯᠭᠠᠰᠤᠨ ᠤ ᠡᠯ᠎ᠡ ᠲᠣᠰᠬᠤᠨ ᠨᠡᠶᠢᠭᠡᠮ ᠲᠣᠭᠤᠷᠢᠭ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ | ᠠᠵᠢᠯᠯᠠᠭ᠎ᠠ ᠪᠠ ᠭᠡᠷ ᠤᠨ ᠭᠠᠳᠠᠨᠠᠬᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠲᠤᠬᠠᠢ ᠶᠢᠨ ᠲᠠᠯᠠᠪᠠᠢ ᠳᠤ ︽ᠤᠯᠠᠭᠠᠨ ᠠᠨᠠᠷ︾ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠪᠣᠳᠠᠲᠤ ᠵᠢᠱᠢᠶ᠎ᠡ | ᠲᠠᠲᠠᠬᠤ᠂ ᠦᠯᠢᠭᠡᠷ ᠶᠠᠷᠢᠬᠤ᠂ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠦᠨᠳᠦᠰᠦᠲᠡᠨ ᠨᠦᠭᠦᠳ ᠤᠨ ᠣᠯᠠᠨ | ᠲᠦᠮᠡᠨ ᠢ ᠬᠥᠲᠥᠯᠥᠨ ᠵᠢᠯᠣᠭᠤᠳᠬᠤ ᠪᠠ ᠬᠠᠪᠰᠤᠷᠬᠤ ᠪᠠᠷ ᠳᠠᠮᠵᠢᠭᠤᠯᠤᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠶᠢᠨ ᠭᠦᠨᠵᠡᠭᠡᠢ ᠠᠭᠤᠯᠤᠭᠳᠠᠬᠤᠨ ᠪᠠ ᠪᠣᠳᠠᠲᠤ | ᠠᠴᠢ ᠬᠤᠯᠪᠣᠭᠳᠠᠯ ᠢ ᠣᠨᠣᠪᠴᠢᠲᠠᠢ ᠡᠵᠡᠮᠰᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠣᠢ ᠪᠣᠯᠭᠠᠬᠤ ᠶᠠᠪᠤᠳᠠᠯ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠰᠠᠨᠠᠭᠤᠯᠪᠠ᠃ ᠡᠭᠦᠨ ᠤ ᠬᠠᠮᠲᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠪᠦᠬᠦ ᠲᠠᠯ᠎ᠠ ᠶᠢᠨ ᠪᠠᠶᠢᠭᠤᠯᠤᠯᠲᠠ ᠶᠢ ᠠᠬᠢᠭᠤᠯᠬᠤ ᠳᠦᠷᠢᠮ︾ | ᠢ ᠤᠩᠰᠢᠨ ᠲᠠᠶᠢᠯᠪᠤᠷᠢᠯᠠᠬᠤ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠢ ᠬᠠᠪᠰᠤᠷᠤᠨ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠮᠡᠳᠡᠯᠭᠡ ᠶᠢᠨ ᠭᠤᠣᠯ ᠠᠭᠤᠯᠭ᠎ᠠ ᠶᠢ ᠤᠶᠢᠯᠠᠭᠠᠨ ᠡᠵᠡᠮᠰᠢᠭᠦᠯᠵᠦ᠂ | ᠬᠠᠷᠢᠶᠠᠲᠤ ᠣᠷᠣᠨ ᠤ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ | ᠬᠠᠮᠲᠤᠳᠬᠠᠬᠤ᠂ ᠢᠷᠠᠭᠤ ᠠᠯᠳᠠᠷ ᠢᠴᠢᠭᠦᠷᠢ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠬᠡᠬᠦ ᠪᠠᠨ | ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ | ᠪᠠᠬᠢ ᠪᠣᠢ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠤᠮᠳᠠᠳᠤ ᠶᠢᠨ ᠦᠨᠳᠦᠰᠦᠲᠡᠨ ᠤ ᠶᠡᠭᠡ ᠭᠡᠷ | ᠪᠦᠯᠢ ᠳᠤ ᠠᠨᠠᠷ ᠤᠨ ᠦᠷ᠎ᠡ ᠰᠢᠭ ᠨᠢᠭᠲᠠ ᠨᠢᠭᠲᠠᠷᠠᠭᠤᠯᠬᠤ ᠶᠢ ᠤᠷᠢᠶᠠᠯᠠᠪᠠ᠃ ᠭᠡᠷ ᠤᠨ ᠭᠠᠳᠠᠨᠠᠬᠢ | ᠤᠬᠠᠭᠤᠯᠭ᠎ᠠ ᠶᠢᠨ ᠠᠵᠢᠯᠯᠠᠭ᠎ᠠ ᠳᠤᠮᠳᠠ᠂ ︽ᠤᠯᠠᠭᠠᠨ ᠠᠨᠠᠷ︾ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ | ᠣᠯᠠᠨ ᠲᠦᠮᠡᠨ ᠳᠤ ᠦᠨᠳᠦᠰᠦᠲᠡᠨ ᠤ ᠪᠦᠯᠬᠦᠮᠳᠡᠯ ᠤᠨ ᠮᠡᠳᠡᠯᠭᠡ ᠶᠢ ᠤᠬᠠᠭᠤᠯᠵᠤ᠂ ᠣᠯᠠᠨ ᠲᠦᠮᠡᠨ ᠳᠤ | ᠦᠨᠳᠦᠰᠦᠲᠡᠨ ᠤ ᠪᠦᠯᠬᠦᠮᠳᠡᠯ ᠤᠨ ᠴᠢᠬᠤᠯᠠ ᠠᠴᠢ ᠬᠤᠯᠪᠣᠭᠳᠠᠯ ᠢ ᠣᠶᠢᠯᠠᠭᠠᠭᠤᠯᠬᠤ ᠶᠢᠨ ᠬᠠᠮᠲᠤ ᠣᠯᠠᠨ | ᠲᠦᠮᠡᠨ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠭᠤᠲᠠ᠂ ᠵᠢᠵᠢᠭ ᠳᠡᠪᠢᠭᠦᠷ ᠵᠡᠷᠭᠡ ᠵᠢᠵᠢᠭ ᠪᠡᠯᠡᠭ | ᠥᠭᠴᠦ᠂ ᠣᠯᠠᠨ ᠲᠦᠮᠡᠨ ᠢ ᠦᠨᠳᠦᠰᠦᠲᠡᠨ ᠤ ᠪᠦᠯᠬᠦᠮᠳᠡᠯ ᠢ ᠬᠠᠮᠲᠤ ᠪᠠᠷ ᠰᠠᠶᠢᠲᠤᠷ ᠬᠠᠮᠠᠭᠠᠯᠠᠬᠤ ᠶᠢ ᠤᠷᠢᠶᠠᠯᠠᠪᠠ᠃ | | ᠵᠢᠨᠱᠠᠨ ᠪᠠᠯᠭᠠᠰᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠡᠨᠡ ᠬᠦ ᠰᠡᠷᠡᠵᠦ ᠮᠡᠳᠡᠭᠳᠡᠭᠰᠡᠨ᠂ ᠢᠯᠡ | ᠲᠣᠳᠣ᠂ ᠭᠤᠶᠢᠳᠠ ᠰᠠᠶᠢᠬᠠᠨ ᠦᠨᠳᠦᠰᠦᠲᠡᠨ ᠤ ᠪᠦᠯᠬᠦᠮᠳᠡᠯ ᠤᠨ ᠠᠵᠢᠯᠯᠠᠭ᠎ᠠ ᠳᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠰᠡᠳᠬᠢᠯ ᠵᠢᠷᠦᠬᠡᠨ ᠳᠤ ᠪᠠᠨ ᠬᠠᠳᠠᠩᠰᠢᠭᠤᠯᠵᠤ᠂ ᠴᠢᠰᠤᠨ ᠰᠤᠳᠠᠰᠤᠨ ᠳᠤ | ᠠᠭᠤᠰᠬᠠᠨ ᠣᠷᠣᠭᠤᠯᠪᠠ᠃ |