ᠰᠢ ᠳ᠋ᠧᠦ ᠫᠦ᠋ ᠪᠠᠯᠭᠠᠰᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠨᠢ ᠬᠤᠲᠠ ᠶᠢᠨ ᠳᠡᠰ ᠤᠨ ᠬᠡᠪ ᠳᠠᠭᠤᠷᠢᠶᠠᠯ ᠤᠨ ᠬᠡᠯᠪᠡᠷᠢ ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠢᠶᠠᠷ ᠰᠣᠩᠭᠤᠭᠳᠠᠪᠠ
ᠨᠡᠶᠢᠲᠡᠯᠡᠭᠰᠡᠨ ᠴᠠᠭ᠄
2024/9/13
    ᠣᠶᠢᠷ᠎ᠠ ᠳᠤ᠂ ᠪᠤᠭᠤᠲᠤ ᠬᠤᠲᠠ ᠶᠢᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠪᠠ ᠲᠣᠭᠠᠴᠢᠯᠠᠭᠰᠠᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ︽ᠪᠤᠭᠤᠲᠤ ᠬᠤᠲᠠ ᠶᠢᠨ ᠳᠡᠰ ᠤᠨ ᠬᠡᠪ ᠳᠠᠭᠤᠷᠢᠶᠠᠯ ᠤᠨ ᠬᠡᠯᠪᠡᠷᠢ ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠪᠠ ᠪᠠᠷᠢᠮᠵᠢᠶᠠᠵᠢᠭᠤᠯᠤᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠥᠷᠲᠡᠭᠡ ᠶᠢ ᠨᠡᠶᠢᠲᠡᠯᠡᠬᠦ ᠲᠤᠬᠠᠢ ᠮᠡᠳᠡᠭᠳᠡᠯ︾ ᠢ ᠨᠡᠶᠢᠲᠡᠯᠡᠪᠡ᠃ ᠡᠭᠦᠨ ᠳᠤ᠂ ︽ᠭᠦᠶᠡᠩ ᠰᠢᠶᠠᠨ ᠤ ᠰᠢ ᠳ᠋ᠧᠦ ᠫᠦ᠋ ᠪᠠᠯᠭᠠᠰᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ︾ ᠨᠢ ᠬᠤᠲᠠ ᠶᠢᠨ ᠳᠡᠰ ᠤᠨ ᠬᠡᠪ ᠳᠠᠭᠤᠷᠢᠶᠠᠯ ᠤᠨ ᠬᠡᠯᠪᠡᠷᠢ ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠢᠶᠠᠷ ᠰᠣᠩᠭᠤᠭᠳᠠᠪᠠ᠃     ᠰᠢ ᠳ᠋ᠧᠦ ᠫᠦ᠋ ᠪᠠᠯᠭᠠᠰᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠤᠨ ᠵᠥᠭᠡᠯᠡᠨ ᠬᠠᠲᠠᠭᠤ ᠬᠡᠷᠡᠭᠰᠡᠯ ᠤᠨ ᠲᠥᠬᠦᠭᠡᠷᠦᠮᠵᠢ ᠪᠦᠷᠢᠨ ᠭᠦᠢᠴᠡᠳ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠨᠢᠭᠡᠨᠲᠡ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠵᠢᠷᠤᠮᠵᠢᠭᠰᠠᠨ ᠳᠥᠭᠦᠮ ᠳᠥᠲᠡ ᠴᠢᠨᠠᠷ ᠰᠠᠶᠢᠲᠠᠢ ᠦᠢᠯᠡᠴᠢᠯᠡᠭᠡᠨ ᠤ ᠬᠡᠯᠪᠡᠷᠢ ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠢ ᠪᠠᠶᠢᠭᠤᠯᠬᠤ ᠪᠠᠷ ᠳᠠᠮᠵᠢᠭᠤᠯᠵᠤ᠂ ᠣᠯᠠᠨ ᠲᠦᠮᠡᠨ ᠤ ᠡᠯ᠎ᠡ ᠲᠠᠯ᠎ᠠ ᠶᠢᠨ ᠬᠡᠷᠡᠭᠴᠡᠭᠡ ᠶᠢ ᠪᠦᠬᠦ ᠲᠠᠯ᠎ᠠ ᠪᠠᠷ ᠬᠠᠩᠭᠠᠨ᠎ᠠ᠃     ᠳᠠᠷᠠᠭᠠᠴᠢ ᠶᠢᠨ ᠠᠯᠬᠤᠮ ᠳᠤ᠂ ᠰᠢ ᠳ᠋ᠧᠦ ᠫᠦ᠋ ᠪᠠᠯᠭᠠᠰᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠨᠢ ᠦᠢᠯᠡᠴᠢᠯᠡᠭᠡᠨ ᠤ ᠴᠢᠳᠠᠪᠬᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠤᠴᠢᠷ ᠶᠠᠪᠤᠳᠠᠯ ᠢ ᠪᠦᠲᠦᠭᠡᠵᠦ᠂ ᠲᠡᠷᠢᠭᠦᠨ ᠤ ᠬᠢ ᠲᠠᠢ ᠬᠠᠷᠢᠴᠠᠭᠤᠯᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠦᠢᠯᠡᠴᠢᠯᠡᠭᠡᠨ ᠤ ᠠᠵᠢᠯ ᠢᠶᠠᠨ ᠲᠠᠰᠤᠷᠠᠯᠲᠠ ᠦᠭᠡᠢ ᠰᠢᠯᠢᠳᠡᠭᠵᠢᠭᠦᠯᠦᠨ ᠨᠠᠷᠢᠯᠢᠭ ᠬᠢᠵᠦ᠂ ᠣᠯᠠᠨ ᠲᠦᠮᠡᠨ ᠤ ᠬᠡᠷᠡᠭ ᠡᠷᠬᠢᠯᠡᠬᠦ ᠦᠷ᠎ᠡ ᠪᠦᠲᠦᠮᠵᠢ ᠪᠣᠯᠤᠨ ᠬᠡᠷᠡᠭ ᠡᠷᠬᠢᠯᠡᠬᠦ ᠣᠶᠢᠯᠠᠭᠠᠯᠲᠠ ᠪᠠᠨ ᠳᠡᠭᠡᠭᠰᠢᠯᠡᠭᠦᠯᠵᠦ᠂ ᠪᠦᠬᠦ ᠪᠠᠯᠭᠠᠰᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠰᠢᠯᠢᠳᠡᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠣᠢ ᠪᠣᠯᠭᠠᠵᠤ ᠥᠭᠭᠦᠨ᠎ᠡ᠃
 
ᠢᠷᠡᠯᠲᠡ᠄ ᠰᠢ ᠳ᠋ᠧᠦ ᠫᠦ᠋ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号