ᠾᠧᠦ ᠶᠥᠩ ᠹᠧᠩ ᠪᠥᠬᠦ ᠰᠢᠶᠠᠨ ᠤ ᠳᠤᠯᠠᠭᠠᠨ ᠪᠦᠯᠢᠶᠡᠨ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/13
    9 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠾᠧᠦ ᠶᠥᠩ ᠹᠧᠩ ᠪᠥᠬᠦ ᠰᠢᠶᠠᠨ ᠤ ᠳᠤᠯᠠᠭᠠᠨ ᠢᠨᠵᠧᠨᠧᠷᠢᠩ ᠤᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃     ᠾᠧᠦ ᠶᠥᠩ ᠹᠧᠩ ᠤᠷᠢᠳ ᠬᠤᠵᠢᠳ ᠰᠢᠨ ᠰᠢᠨ ᠶᠤᠸᠠᠨ᠂ ᠭᠤᠸᠠᠩ ᠷᠦᠩ ᠵᠡᠭᠡᠯᠢ ᠶᠢᠨ ᠪᠠᠶᠢᠰᠢᠩ ᠲᠣᠭᠤᠷᠢᠭ᠂ ᠬᠢᠮᠳᠠ ᠲᠦᠷᠢᠶᠡᠰᠦᠨ ᠣᠷᠣᠨ ᠰᠠᠭᠤᠴᠠ ᠶᠢᠨ ᠲᠠᠪᠤᠳᠤᠭᠠᠷ ᠬᠤᠭᠤᠴᠠᠭ᠎ᠠ᠂ ᠪᠠᠢ ᠶᠢᠨ ᠳ᠋ᠦᠩ ᠪᠠᠶᠢᠰᠢᠩ ᠲᠣᠭᠤᠷᠢᠭ᠂ ᠱᠦᠨ ᠢᠦᠢ ᠪᠠᠭ᠎ᠠ ᠲᠣᠭᠤᠷᠢᠭ ᠵᠡᠷᠭᠡ ᠭᠠᠵᠠᠷ ᠢᠶᠠᠷ ᠬᠦᠷᠴᠦ᠂ ᠲᠥᠷᠥᠯ ᠵᠦᠢᠯ ᠤᠨ ᠠᠬᠢᠴᠠ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠬᠤ ᠶᠢᠨ ᠬᠠᠮᠲᠤ ᠠᠵᠢᠯ ᠤᠨ ᠱᠠᠭᠠᠷᠳᠠᠯᠭ᠎ᠠ ᠳᠤᠷᠠᠳᠴᠠᠢ᠃     ᠾᠧᠦ ᠶᠥᠩ ᠹᠧᠩ ᠴᠢᠬᠤᠯᠠᠴᠢᠯᠠᠭᠰᠠᠨ ᠨᠢ᠂ ᠬᠠᠯᠠᠭᠤᠨ ᠳᠤᠯᠠᠭᠠᠨ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠠᠴᠠ ᠲᠣᠭᠲᠠᠭᠠᠭᠰᠠᠨ ︽ᠵᠢᠷᠭᠤᠭᠠᠨ ᠢᠨᠵᠧᠨᠧᠷᠢᠩ︾ ᠤᠨ ᠨᠢᠭᠡ ᠪᠣᠯᠤᠨ᠎ᠠ᠂ ᠲᠦᠭ ᠲᠦᠮᠡᠨ ᠠᠶᠢᠯ ᠡᠷᠦᠬᠡ ᠶᠢᠨ ᠠᠮᠤᠷ ᠲᠠᠶᠢᠪᠤᠩ ᠠᠵᠤ ᠲᠦᠷᠦᠭᠦ ᠪᠠ ᠠᠮᠤᠷ ᠲᠦᠪᠰᠢᠨ ᠠᠶᠤᠯ ᠲᠦᠭᠰᠢᠭᠦᠷᠢ ᠬᠠᠯᠠᠭᠤᠨ ᠳᠤᠯᠠᠭᠠᠨ ᠲᠠᠢ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ᠨᠡᠩ ᠴᠤ ᠮᠠᠨ ᠤ ᠰᠢᠶᠠᠨ ᠤ ᠣᠯᠠᠨ ᠲᠦᠮᠡᠨ ᠤ ᠠᠮᠢᠳᠤᠷᠠᠯ ᠤᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠢᠨᠵᠧᠨᠧᠷᠢᠩ ᠪᠣᠯᠤᠨ᠎ᠠ᠃ ᠳᠤᠯᠠᠭᠠᠯᠭ᠎ᠠ ᠶᠢᠨ ᠬᠤᠭᠤᠴᠠᠭ᠎ᠠ ᠣᠶᠢᠷᠠᠲᠤᠵᠤ ᠪᠠᠶᠢᠨ᠎ᠠ᠂ ᠡᠯ᠎ᠡ ᠲᠥᠷᠥᠯ ᠤᠨ ᠠᠵᠢᠯ ᠢ ᠬᠦᠯᠢᠶᠡᠯᠭᠡᠵᠦ ᠪᠣᠯᠬᠤ ᠦᠭᠡᠢ᠂ ᠤᠳᠠᠭᠠᠰᠢᠷᠠᠭᠤᠯᠵᠤ ᠪᠣᠯᠬᠤ ᠦᠭᠡᠢ᠂ ᠠᠯᠭᠤᠷᠯᠠᠵᠤ ᠪᠣᠯᠬᠤ ᠦᠭᠡᠢ᠃ ᠣᠶᠢᠷ᠎ᠠ ᠶᠢᠨ ᠬᠤᠭᠤᠴᠠᠭᠠᠨ ᠳᠤ ᠪᠣᠷᠣᠭᠠᠨ ᠠᠷᠪᠢᠨ ᠵᠡᠷᠭᠡ ᠪᠠᠷᠢᠯᠭ᠎ᠠ ᠶᠢᠨ ᠠᠰᠢᠭ ᠦᠭᠡᠢ ᠬᠦᠴᠦᠨ ᠵᠦᠢᠯ ᠢ ᠪᠦᠬᠦ ᠬᠦᠴᠦᠨ ᠢᠶᠠᠷ ᠢᠶᠠᠨ ᠲᠡᠪᠴᠢᠵᠦ᠂ ᠠᠯᠢᠪᠠ ᠠᠰᠢᠭᠲᠠᠢ ᠴᠠᠭ ᠲᠣᠬᠢᠶᠠᠯ ᠢ ᠠᠰᠢᠭᠯᠠᠨ ᠴᠠᠭ ᠨᠡᠮᠡᠵᠦ ᠠᠵᠢᠯᠯᠠᠨ᠂ ᠢᠨᠵᠧᠨᠧᠷᠢᠩ ᠢ ᠲᠣᠭᠲᠠᠭᠰᠠᠨ ᠬᠤᠭᠤᠴᠠᠭᠠᠨ ᠳᠤ ᠳᠠᠭᠤᠰᠬᠠᠬᠤ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ ᠲᠤᠬᠠᠢ ᠶᠢᠨ ᠲᠠᠯᠠᠪᠤᠷ ᠤᠨ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠪᠠ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠱᠠᠭᠠᠷᠳᠠᠯᠭ᠎ᠠ ᠶᠢ ᠲᠥᠷᠥᠯ ᠵᠦᠢᠯ ᠤᠨ ᠪᠦᠬᠦ ᠶᠠᠪᠤᠴᠠ᠂ ᠡᠯ᠎ᠡ ᠭᠤᠭᠴᠤᠭ᠎ᠠ ᠳᠤ ᠲᠤᠭᠤᠰᠢᠯᠠᠭᠤᠯᠵᠤ᠂ ᠠᠮᠤᠷ ᠲᠦᠪᠰᠢᠨ ᠤ ᠰᠡᠷᠡᠮᠵᠢ ᠶᠢᠨ ᠲᠡᠮᠳᠡᠭ ᠪᠠ ᠲᠡᠮᠳᠡᠭ ᠫᠠᠶᠢᠰᠠ ᠶᠢ ᠴᠢᠩᠭ᠎ᠠ ᠪᠠᠶᠢᠷᠢᠯᠠᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ  ᠭᠡᠪᠡ᠃     ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠵᠢᠶᠠ ᠶᠥᠩ ᠪᠢᠶᠣᠤ ᠵᠢᠴᠢ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠵᠢᠨᠱᠠᠨ ᠪᠠᠯᠭᠠᠰᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠭᠤᠣᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号