9 ᠰᠠᠷ᠎ᠠ ᠶᠢᠨ 12 ᠤᠨ ᠡᠳᠦᠷ᠂ ᠭᠦᠶᠡᠩ ᠰᠢᠶᠠᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠠᠢᠮᠠᠳᠤᠭᠠᠷ ᠤᠳᠠᠭᠠᠨ ᠤ ᠬᠤᠷᠠᠯ | ᠬᠤᠷᠠᠯᠳᠤᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠵᠠᠩ ᠵᠢᠶᠠᠨ ᠭᠦᠸᠧ ᠬᠤᠷᠠᠯ | ᠡᠷᠬᠢᠯᠡᠪᠡ᠃ | ᠬᠤᠷᠠᠯ ᠠᠴᠠ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠵᠢᠷᠭᠤᠳᠤᠭᠠᠷ | ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠭᠤᠣᠯ | ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠣᠳᠠᠲᠠᠢ ᠠᠷᠭ᠎ᠠ ᠬᠡᠮᠵᠢᠶ᠎ᠡ ᠶᠢᠨ | ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠨ᠎ᠠ᠃ | ᠬᠤᠷᠠᠯ ᠠᠴᠠ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ | ᠪᠠᠭᠤᠯᠭᠠᠬᠤ ᠶᠠᠪᠤᠳᠠᠯ ᠢ ᠬᠢᠨᠠᠨ ᠶᠠᠷᠢᠯᠴᠠᠵᠤ ᠪᠠᠲᠤᠯᠠᠭᠠᠳ᠂ ᠸᠠᠩ ᠬᠤᠤ ᠨᠥᠬᠦᠷ ᠢ ᠰᠢᠶᠠᠨ ᠤ ᠵᠠᠰᠠᠭ ᠤᠨ | ᠣᠷᠳᠣᠨ ᠤ ᠳᠡᠳ᠋ ᠰᠢᠶᠠᠨ ᠤ ᠳᠠᠷᠤᠭ᠎ᠠ ᠪᠠᠷ ᠲᠣᠮᠢᠯᠠᠪᠠ ︵ᠵᠢᠩᠬᠢᠨᠢ ᠰᠢᠶᠠᠨ ᠤ ᠱᠠᠲᠤ᠂ ᠵᠠᠰᠠᠭ ᠤᠨ ᠣᠷᠳᠣᠨ ᠤ | ᠡᠳᠦᠷ ᠲᠤᠲᠤᠮ ᠤᠨ ᠠᠵᠢᠯ ᠢ ᠬᠤᠪᠢᠳᠠᠨ ᠬᠠᠮᠢᠶᠠᠷᠤᠨ᠎ᠠ︶᠂ ᠭᠤᠤ ᠰᠢᠶᠣᠤ ᠭᠤᠸᠠᠩ ᠨᠥᠬᠦᠷ ᠢ ᠰᠢᠶᠠᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ᠂ ᠼᠤᠤ ᠳ᠋ᠦᠩ ᠨᠥᠬᠦᠷ ᠢ ᠰᠢᠶᠠᠨ ᠤ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠳᠠᠷᠤᠭ᠎ᠠ᠂ ᠵᠠᠩ ᠰᠢᠨ ᠨᠥᠬᠦᠷ ᠢ ᠰᠢᠶᠠᠨ ᠤ ᠲᠠᠷᠢᠶᠠᠯᠠᠩ ᠮᠠᠯ | ᠠᠵᠤ ᠠᠬᠤᠢ ᠶᠢᠨ ᠲᠣᠪᠴᠢᠶᠠᠨ ᠤ ᠳᠠᠷᠤᠭ᠎ᠠ᠂ ᠬᠤᠤ ᠯᠧᠢ ᠨᠥᠬᠦᠷ ᠢ ᠰᠢᠶᠠᠨ ᠤ ᠬᠢᠨᠠᠨ ᠪᠠᠶᠢᠴᠠᠭᠠᠬᠤ ᠵᠥᠪᠯᠡᠯ ᠤᠨ | ᠳᠡᠳ᠋ ᠡᠷᠬᠢᠯᠡᠭᠴᠢ᠂ ᠶᠠᠩ ᠹᠠᠨ ᠨᠥᠬᠦᠷ ᠢ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠬᠠᠤᠯᠢ ᠳᠦᠷᠢᠮ ᠤᠨ ᠠᠵᠢᠯ ᠤᠨ ᠵᠥᠪᠯᠡᠯ ᠤᠨ ᠡᠷᠬᠢᠯᠡᠭᠴᠢ᠂ ᠾᠧ ᠰᠢᠶᠣᠣ ᠮᠢᠩ | ᠨᠥᠬᠦᠷ ᠢ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠲᠥᠯᠥᠭᠡᠯᠡᠭᠴᠢ ᠶᠢᠨ ᠠᠵᠢᠯ ᠤᠨ ᠵᠥᠪᠯᠡᠯ ᠤᠨ ᠡᠷᠬᠢᠯᠡᠭᠴᠢ᠂ ᠵᠣᠣ ᠶᠣᠣ ᠯᠦᠩ ᠨᠥᠬᠦᠷ ᠢ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠰᠦᠪ ᠤᠨ ᠠᠵᠢᠯ ᠤᠨ ᠵᠥᠪᠯᠡᠯ ︵ | ᠣᠷᠴᠢᠨ ᠲᠣᠭᠤᠷᠢᠨ ᠡᠬᠢ ᠪᠠᠶᠠᠯᠢᠭ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠠᠷᠢᠶᠠᠯᠠᠩ ᠮᠠᠯ ᠠᠵᠤ | ᠠᠬᠤᠢ ᠶᠢᠨ ᠠᠵᠢᠯ ᠤᠨ ᠵᠥᠪᠯᠡᠯ︶ ᠤᠨ ᠡᠷᠬᠢᠯᠡᠭᠴᠢ ᠪᠠᠷ ᠲᠣᠮᠢᠯᠠᠪᠠ᠃ | ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ ᠯᠢᠦ ᠱᠢ ᠮᠢᠩ ᠰᠢᠨ᠎ᠡ ᠪᠠᠷ ᠲᠤᠰᠢᠶᠠᠯ ᠳᠤ ᠲᠣᠮᠢᠯᠠᠭᠰᠠᠨ ᠨᠥᠬᠦᠳ ᠲᠤ | ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠪᠠ᠃ ᠸᠠᠩ ᠬᠤᠤ ᠰᠢᠨ᠎ᠡ ᠪᠠᠷ ᠲᠤᠰᠢᠶᠠᠯ ᠳᠤ ᠲᠣᠮᠢᠯᠠᠭᠰᠠᠨ | ᠨᠥᠬᠦᠳ ᠢ ᠲᠥᠯᠥᠭᠡᠯᠡᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ | ᠬᠤᠷᠠᠯ ᠠᠴᠠ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠭᠦᠸᠧ ᠵᠢᠶᠠᠨ ᠭᠤᠸᠠᠩ ᠤᠨ | ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠶᠢᠨ ᠲᠤᠰᠢᠶᠠᠯ ᠠᠴᠠ ᠪᠠᠭᠤᠯᠭᠠᠬᠤ ᠪᠠᠷ ᠳᠡᠪᠰᠢᠭᠦᠯᠵᠦ᠂ | ᠾᠧ ᠬᠤᠤ ᠷᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠳᠠᠷᠤᠭ᠎ᠠ ᠶᠢᠨ | ᠲᠤᠰᠢᠶᠠᠯ ᠢ ᠬᠠᠰᠤᠵᠤ᠂ ᠨᠢᠦ ᠪᠧᠨ ᠤ ᠰᠢᠶᠠᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ ᠶᠢᠨ | ᠲᠤᠰᠢᠶᠠᠯ ᠢ ᠬᠠᠰᠤᠵᠤ᠂ ᠯᠢ ᠯᠢᠩ ᠪᠢᠨ ᠤ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠢᠨ | ᠲᠤᠰᠢᠶᠠᠯ ᠢ ᠤᠭᠴᠠᠷᠠᠭᠤᠯᠬᠤ ᠲᠤᠬᠠᠢ ᠳᠤᠷᠠᠳᠤᠯᠭ᠎ᠠ ᠶᠢ ᠰᠣᠨᠣᠰᠴᠤ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ ᠭᠦᠶᠡᠩ ᠰᠢᠶᠠᠨ ᠤ ᠬᠢᠨᠠᠨ ᠪᠠᠶᠢᠴᠠᠭᠠᠬᠤ ᠵᠥᠪᠯᠡᠯ ᠤᠨ ᠸᠠᠩ ᠵᠤᠤ ᠺᠦᠨ ᠤᠨ ᠰᠢᠶᠠᠨ ᠤ ᠬᠢᠨᠠᠨ | ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠶᠢᠨ ᠲᠤᠰᠢᠶᠠᠯ ᠠᠴᠠ ᠪᠠᠭᠤᠯᠭᠠᠬᠤ ᠪᠠᠷ ᠳᠡᠪᠰᠢᠭᠦᠯᠦᠭᠰᠡᠨ ᠰᠠᠨᠠᠯ | ᠳᠤᠷᠠᠳᠤᠯᠭ᠎ᠠ ᠶᠢ ᠰᠣᠨᠣᠰᠴᠤ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ ᠭᠦᠶᠡᠩ ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ ᠭᠤᠤ ᡁᠢ ᠶᠥᠩ ᠤᠨ ᠭᠦᠶᠡᠩ | ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠶᠢ ᠲᠤᠰᠢᠶᠠᠯ ᠠᠴᠠ ᠨᠢ | ᠪᠠᠭᠤᠯᠭᠠᠬᠤ ᠪᠠᠷ ᠳᠡᠪᠰᠢᠭᠦᠯᠦᠭᠰᠡᠨ ᠲᠤᠬᠠᠢ ᠭᠦᠶᠡᠩ ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠡᠳ᠋ | ᠪᠠᠶᠢᠴᠠᠭᠠᠬᠤ ᠳᠠᠷᠤᠭ᠎ᠠ᠂ ᠪᠠᠶᠢᠴᠠᠭᠠᠬᠤ ᠵᠥᠪᠯᠡᠯ ᠤᠨ ᠭᠡᠰᠢᠭᠦᠨ᠂ ᠪᠠᠶᠢᠴᠠᠭᠠᠭᠴᠢ ᠶᠢᠨ ᠲᠤᠰᠢᠶᠠᠯ ᠢ ᠤᠭᠴᠠᠷᠠᠭᠤᠯᠵᠤ᠂ | ᠭᠤᠤ ᠶᠥᠩ ᠵᠢᠶᠦ᠋ᠨ ᠤ ᠭᠦᠶᠡᠩ ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ | ᠂ ᠪᠠᠶᠢᠴᠠᠭᠠᠬᠤ ᠵᠥᠪᠯᠡᠯ ᠤᠨ ᠭᠡᠰᠢᠭᠦᠨ᠂ ᠪᠠᠶᠢᠴᠠᠭᠠᠭᠴᠢ ᠶᠢᠨ ᠲᠤᠰᠢᠶᠠᠯ ᠢ ᠤᠭᠴᠠᠷᠠᠭᠤᠯᠪᠠ᠃ | ᠬᠤᠷᠠᠯ ᠠᠴᠠ ᠭᠦᠶᠡᠩ ᠰᠢᠶᠠᠨ ᠤ ᠨᠠᠮ ᠤᠨ ᠬᠤᠷᠢᠶᠠᠨ ᠤ ᠯᠢᠦ ᠬᠤᠢ ᠮᠢᠩ ᠤᠨ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠦᠨᠳᠦᠰᠦᠲᠡᠨ ᠤ ᠬᠠᠤᠯᠢ ᠳᠦᠷᠢᠮ ᠤᠨ | ᠠᠵᠢᠯ ᠤᠨ ᠵᠥᠪᠯᠡᠯ ᠤᠨ ᠡᠷᠬᠢᠯᠡᠭᠴᠢ ᠶᠢᠨ ᠲᠤᠰᠢᠶᠠᠯ ᠠᠴᠠ ᠪᠠᠭᠤᠯᠭᠠᠬᠤ ᠪᠠᠷ ᠳᠡᠪᠰᠢᠭᠦᠯᠬᠦ ᠪᠠ ᠬᠢᠨᠠᠨ ᠵᠥᠪᠯᠡᠵᠦ | ᠪᠠᠲᠤᠯᠠᠵᠤ᠂ ᠾᠧ ᠰᠢᠶᠣᠤ ᠶᠠᠨ ᠤᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠲᠥᠯᠥᠭᠡᠯᠡᠭᠴᠢ ᠶᠢ ᠲᠣᠮᠢᠯᠠᠬᠤ ᠪᠠᠭᠤᠯᠭᠠᠬᠤ ᠬᠠᠷᠢᠯᠴᠠᠬᠤ ᠠᠵᠢᠯ ᠤᠨ ᠵᠥᠪᠯᠡᠯ ᠤᠨ ᠡᠷᠬᠢᠯᠡᠭᠴᠢ ᠶᠢᠨ | ᠲᠤᠰᠢᠶᠠᠯ ᠢ ᠤᠭᠴᠠᠷᠠᠭᠤᠯᠵᠤ᠂ ᠵᠤᠤ ᠶᠣᠣ ᠯᠦᠩ ᠤᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠲᠥᠰᠦᠪ ᠤᠨ ᠠᠵᠢᠯ ᠤᠨ | ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ ᠪᠠᠭᠤᠯᠭᠠᠪᠠ᠃ | ᠬᠤᠷᠠᠯ ᠠᠴᠠ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ | ᠵᠢᠷᠭᠤᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠥᠭᠡᠷᠡᠴᠢᠯᠡᠯᠲᠡ ᠶᠢ | ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ | ᠡᠵᠡᠮᠰᠢᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠦᠵᠡᠯ ᠰᠠᠨᠠᠭ᠎ᠠ ᠪᠠᠨ ᠴᠢᠯᠥᠭᠡᠯᠡᠬᠦ᠂ ᠦᠨᠡᠨ ᠠᠴᠠ ᠵᠥᠪ ᠢ ᠡᠷᠢᠬᠦ᠂ | ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠶᠢ ᠪᠠᠷᠢᠮᠲᠠᠯᠠᠵᠤ᠂ | ᠥᠭᠡᠷᠡᠴᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠪᠣᠯᠤᠨ ᠤᠷᠢᠳ ᠢᠶᠠᠷ ᠪᠣᠳᠣᠯᠬᠢᠯᠠᠬᠤ ᠴᠢᠭᠯᠡᠯ ᠢ | ᠣᠨᠣᠪᠴᠢᠲᠠᠢ ᠡᠵᠡᠮᠳᠡᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠡᠮᠦᠨ᠎ᠡ ᠬᠤᠶᠢᠨᠠᠬᠢ ᠳᠡᠰ ᠳᠠᠷᠠᠭᠠᠯᠠᠯ᠂ | ᠠᠶᠢᠵᠠᠮ ᠢ ᠵᠣᠬᠢᠰᠲᠠᠢ ᠲᠣᠬᠢᠷᠠᠭᠤᠯᠵᠤ᠂ ᠥᠭᠡᠷᠡᠴᠢᠯᠡᠯᠲᠡ ᠶᠢ ᠠᠬᠢᠭᠤᠯᠬᠤ ᠲᠣᠭᠲᠠᠴᠠ ᠶᠢ ᠰᠢᠯᠢᠳᠡᠭᠵᠢᠭᠦᠯᠵᠦ᠂ | ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠤ᠂ ᠣᠯᠠᠨ ᠲᠦᠮᠡᠨ ᠳᠤ ᠥᠭᠡᠷᠡᠴᠢᠯᠡᠯᠲᠡ ᠠᠴᠠ ᠪᠣᠯᠤᠭᠰᠠᠨ | ᠬᠤᠪᠢᠷᠠᠯᠲᠠ ᠪᠣᠯᠤᠨ ᠪᠣᠳᠠᠲᠤ ᠠᠰᠢᠭ ᠲᠤᠰᠠ ᠶᠢ ᠮᠡᠳᠡᠷᠡᠭᠦᠯᠵᠦ᠂ ᠪᠣᠳᠠᠲᠤ ᠠᠮᠵᠢᠯᠲᠠ ᠪᠦᠲᠦᠮᠵᠢ ᠪᠠᠷ ︽ | ᠪᠤᠭᠤᠲᠤ ᠶᠢ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠶᠢ ᠦᠢᠯᠡᠳᠦᠯᠭᠡᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ | ᠃ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠨᠥᠬᠦᠳ ᠰᠢᠨ᠎ᠡ ᠠᠵᠢᠯ ᠤᠨ ᠪᠠᠶᠢᠷᠢ ᠳᠡᠭᠡᠷ᠎ᠡ ᠪᠠᠨ ︽ᠵᠣᠪᠠᠭᠤᠷᠢ | ᠵᠦᠳᠡᠭᠦᠷᠢ ᠶᠢ ᠲᠡᠰᠪᠦᠷᠢᠯᠡᠵᠦ᠂ ᠴᠤᠴᠠᠯᠲᠠ ᠦᠭᠡᠢ ᠤᠷᠤᠭᠰᠢᠯᠠᠵᠤ᠂ ᠵᠣᠷᠢᠯᠭ᠎ᠠ ᠳᠠᠭᠠᠨ ᠬᠦᠷᠬᠦ ᠦᠭᠡᠢ ᠪᠣᠯ | ᠶᠠᠭᠠᠬᠢᠭᠰᠠᠨ ᠴᠤ ᠵᠣᠭᠰᠣᠬᠤ ᠦᠭᠡᠢ︾ ᠭᠡᠬᠦ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ | ᠡᠷᠡᠯᠬᠡᠭᠯᠡᠨ ᠤᠷᠤᠭᠰᠢᠯᠠᠵᠤ᠂ ᠰᠢᠢᠳᠪᠦᠷᠢᠲᠦ ᠳᠠᠶᠢᠯᠠᠯᠳᠤᠭᠠᠨ ᠤ ᠪᠠᠶᠢᠳᠠᠯ ᠢᠶᠠᠷ ᠪᠣᠳᠠᠲᠠᠢ ᠠᠵᠢᠯᠯᠠᠵᠤ᠂ ᠭᠦᠶᠡᠩ ᠤᠨ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠠᠮᠵᠢᠯᠲᠠ ᠪᠦᠲᠦᠮᠵᠢ | ᠭᠠᠷᠭᠠᠵᠤ᠂ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃ |