9 ᠰᠠᠷ᠎ᠠ ᠶᠢᠨ 13 ᠤ ᠡᠳᠦᠷ᠂ ᠶᠢᠨ ᠬᠤᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠭᠠᠵᠠᠷ ᠪᠠᠯᠭᠠᠰᠤᠨ ᠤ ᠡᠪᠯᠡᠯ ᠤᠨ ᠬᠤᠷᠢᠶ᠎ᠠ᠂ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ | ᠬᠤᠷᠠᠯ ᠪᠠᠯᠭᠠᠰᠤᠨ ᠤ ᠵᠣᠯ ᠵᠢᠷᠭᠠᠯ ᠤᠨ ᠬᠦᠷᠢᠶᠡᠯᠡᠩ ᠳᠤ ︽ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ | ᠪᠠᠶᠠᠷᠯᠠᠨ ᠪᠡᠯᠭᠡᠯᠡᠵᠦ᠂ ᠤᠯᠤᠰ ᠤᠨ ᠪᠠᠶᠠᠷ ᠢ ᠪᠠᠶᠠᠷᠯᠠᠨ ᠤᠭᠲᠤᠬᠤ︾ ᠭᠡᠬᠦ ᠭᠤᠣᠯ ᠰᠡᠳᠦᠪᠲᠦ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠡᠬᠡ ᠤᠯᠤᠰ ᠳᠠᠭᠠᠨ ᠪᠡᠯᠡᠭ ᠬᠦᠷᠭᠡᠪᠡ᠃ | ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠡᠳᠦᠷ ᠤᠨ ᠢᠷᠡᠯᠲᠡ ᠵᠠᠩ ᠳᠠᠳᠬᠠᠯ ᠢ ᠤᠯᠠᠮ ᠨᠢᠭᠡ | ᠠᠯᠬᠤᠮ ᠣᠶᠢᠯᠠᠭᠠᠬᠤ ᠶᠢᠨ ᠲᠥᠯᠥᠭᠡ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠪᠠᠶᠠᠷ ᠬᠥᠷ ᠨᠠᠷᠭᠢᠶᠠᠨ ᠲᠠᠢ ᠠᠭᠤᠷ | ᠠᠮᠢᠰᠬᠤᠯ ᠢ ᠪᠡᠶᠡᠴᠢᠯᠡᠨ ᠣᠶᠢᠯᠠᠭᠠᠵᠤ᠂ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠬᠦ ᠶᠢᠨ ᠲᠥᠯᠥᠭᠡ᠂ | ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠣᠯᠠᠨ ᠲᠦᠮᠡᠨ ᠲᠠᠢ ᠬᠠᠮᠲᠤ ᠪᠠᠷ ᠶᠧᠪᠡᠩ᠂ ᠪᠠᠩᠰᠢ ᠦᠢᠯᠡᠳᠪᠡ᠃ | ᠲᠤᠰ ᠡᠳᠦᠷ ᠲᠤ ᠪᠠᠰᠠ ︽ᠨᠠᠮ ᠤᠨ ᠠᠴᠢ ᠶᠢ ᠮᠠᠭᠲᠠᠨ ᠳᠠᠭᠤᠯᠠᠬᠤ︾ ᠭᠤᠣᠯ ᠰᠡᠳᠦᠪᠲᠦ ᠠᠵᠢᠯᠯᠠᠭ᠎ᠠ | ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠨᠠᠰᠤᠲᠠᠶᠢᠴᠤᠳ ᠤᠨ ᠴᠢᠰᠤᠨ | ᠳᠠᠷᠤᠯᠲᠠ ᠶᠢ ᠬᠡᠮᠵᠢᠵᠦ᠂ ᠦᠰᠦ ᠵᠠᠰᠠᠵᠤ᠂ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ ᠳᠤ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠣᠪᠴᠢ ᠲᠡᠦᠬᠡ︾ ᠶᠢᠨ ᠨᠣᠮ ᠤᠩᠰᠢᠭᠰᠠᠨ ᠣᠶᠢᠯᠠᠭᠠᠯᠲᠠ ᠶᠢ | ᠬᠤᠪᠢᠶᠠᠯᠴᠠᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠰᠢᠬᠢ ᠲᠡᠦᠬᠡᠨ ᠠᠮᠵᠢᠯᠲᠠ ᠪᠦᠲᠦᠮᠵᠢ ᠶᠢ | ᠬᠠᠮᠲᠤ ᠪᠠᠷ ᠶᠠᠷᠢᠯᠴᠠᠵᠤ᠂ ᠪᠠᠰᠠ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ | ᠠᠮᠠᠷᠠᠭᠰᠠᠨ ᠠᠬᠠᠮᠠᠳ ᠺᠠᠳ᠋ᠷ᠂ ᠭᠠᠭᠴᠠᠭᠠᠷ ᠰᠠᠭᠤᠭ᠎ᠠ᠂ ᠭᠡᠷ ᠲᠡᠭᠡᠨ ᠬᠤᠴᠣᠷᠤᠭᠰᠠᠨ ᠨᠠᠰᠤᠲᠠᠶᠢᠴᠤᠳ ᠲᠤ ᠤᠳᠠᠭᠠᠨ | ᠴᠢᠨᠠᠷᠲᠠᠢ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠬᠤᠯᠪᠣᠭᠳᠠᠯ ᠪᠦᠬᠦᠢ ᠮᠡᠳᠡᠯᠭᠡ ᠶᠢ ᠲᠠᠶᠢᠯᠪᠤᠷᠢᠯᠠᠨ ᠥᠭᠪᠡ᠃ | | |