ᠵᠢᠨᠱᠠᠨ ᠪᠠᠯᠭᠠᠰᠤ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠭᠤᠣᠯ ᠰᠡᠳᠦᠪᠲᠦ ᠰᠣᠶᠣᠯ ᠤᠨ ᠰᠢᠷᠢᠰ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ
ᠨᠡᠶᠢᠲᠡᠯᠡᠭᠰᠡᠨ ᠴᠠᠭ᠄
2024/9/22
    ᠠᠯᠲᠠᠨ ᠨᠠᠮᠤᠷ ᠣᠭᠲᠠᠷᠭᠤᠢ ᠦᠳᠡᠵᠦ᠂ ᠲᠦᠮᠡᠨ ᠭᠠᠵᠠᠷ ᠤᠨ ᠭᠤᠣᠯ ᠠᠯᠲᠠ ᠬᠠᠳᠬᠤᠮᠠᠯᠯᠠᠵᠤ᠂ ᠭᠠᠪᠢᠷ᠎ᠠ ᠶᠢᠨ ᠦᠨᠦᠷ ᠬᠠᠩᠬᠤᠯᠵᠤ᠂ ᠨᠢᠭᠡ ᠡᠭᠡᠯᠵᠢ ᠶᠢᠨ ᠭᠡᠭᠡᠨ ᠰᠠᠷᠠᠨ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠣᠯᠪᠠ᠃ ᠨᠠᠢᠮᠠᠨ ᠰᠠᠷ᠎ᠠ ᠶᠢᠨ ᠠᠷᠪᠠᠨ ᠲᠠᠪᠣᠨ ᠤ ᠪᠠᠶᠠᠷ ᠪᠣᠯᠬᠤ ᠭᠡᠵᠦ ᠪᠠᠶᠢᠭ᠎ᠠ ᠲᠠᠰᠢᠷᠠᠮ ᠳᠤ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠥᠷᠭᠡᠨ ᠣᠯᠠᠨ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠤᠯᠠᠮᠵᠢᠯᠠᠯᠲᠤ ᠪᠠᠶᠠᠷ ᠤᠨ ᠡᠳᠦᠷ ᠢ ᠬᠠᠶᠢᠷᠠᠯᠠᠵᠤ᠂ ᠤᠯᠠᠮᠵᠢᠯᠠᠯᠲᠤ ᠪᠠᠶᠠᠷ ᠤᠨ ᠡᠳᠦᠷ ᠢ ᠬᠦᠨᠳᠦᠳᠬᠡᠵᠦ᠂ ᠤᠯᠠᠮᠵᠢᠯᠠᠯᠲᠤ ᠪᠠᠶᠠᠷ ᠤᠨ ᠡᠳᠦᠷ ᠢ ᠰᠠᠶᠢᠲᠤᠷ ᠥᠩᠭᠡᠷᠡᠭᠦᠯᠦᠨ᠂ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠨᠡᠮᠡᠭᠳᠡᠭᠦᠯᠵᠦ᠂ ᠦᠨᠳᠦᠰᠦᠲᠡᠨ ᠤ ᠬᠦᠴᠦᠨ ᠢ ᠨᠢᠭᠲᠠᠷᠠᠭᠤᠯᠤᠨ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠶᠢ ᠠᠬᠢᠭᠤᠯᠵᠤ᠂ ᠪᠠᠶᠠᠷ ᠤᠨ ᠡᠳᠦᠷ ᠤᠨ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠵᠢᠨᠱᠠᠨ ᠪᠠᠯᠭᠠᠰᠤᠨ ᠤ ᠡᠯ᠎ᠡ ᠲᠣᠰᠬᠤᠨ ᠨᠡᠶᠢᠭᠡᠮ ᠲᠣᠭᠤᠷᠢᠭ ᠵᠠᠯᠭᠠᠭ᠎ᠠ ᠪᠠᠷ ︽ᠪᠢᠳᠡᠨ ᠤ ᠪᠠᠶᠠᠷ ᠤᠨ ᠡᠳᠦᠷ · ᠨᠠᠢᠮᠠᠨ ᠰᠠᠷ᠎ᠠ ᠶᠢᠨ ᠲᠡᠷᠭᠡᠯ ᠪᠠᠶᠠᠷ︾ ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃     ᡁᠢ ᠨᠦᠩ ᠨᠡᠶᠢᠭᠡᠮ ᠲᠣᠭᠤᠷᠢᠭ᠄ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠪᠦᠲᠦᠭᠡᠨ ᠪᠠᠶᠢᠭᠤᠯᠤᠯᠲᠠ ᠶᠢᠨ ᠪᠠᠩᠬᠢ᠂ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠭᠠᠵᠠᠷ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠴᠦᠨ ᠾᠦᠢ ᠰᠢᠨ ᠶᠤᠸᠠᠨ ᠠᠵᠢᠯᠯᠠᠭᠠᠨ ᠤ ᠲᠠᠰᠤᠭ  ᠵᠡᠷᠭᠡ ᠨᠢᠭᠡᠴᠡ ᠲᠠᠢ ᠬᠠᠮᠲᠤᠷᠠᠨ ᠭᠤᠣᠯ ᠰᠡᠳᠦᠪᠲᠦ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠰᠢᠷᠢᠰ ᠠᠵᠢᠯᠯᠠᠭ᠎ᠠ ᠶᠢ ᠥᠷᠨᠢᠭᠦᠯᠪᠡ᠃ ᠶᠠᠳᠠᠭᠤ ᠬᠦᠴᠢᠷᠳᠡᠯᠲᠡᠢ ᠭᠡᠷ ᠪᠦᠯᠢ᠂ ᠠᠵᠢᠯ ᠠᠴᠠ ᠪᠠᠨ ᠠᠮᠠᠷᠠᠭᠰᠠᠨ 150 ᠭᠠᠷᠤᠢ ᠠᠬᠠᠮᠠᠳ ᠺᠠᠳ᠋ᠷ᠂ ᠴᠡᠷᠢᠭ ᠠᠴᠠ ᠬᠠᠯᠠᠭᠳᠠᠭᠰᠠᠳ᠂ ︽ᠲᠠᠪᠤᠨ ᠠᠬᠠᠮᠠᠳ︾ ᠲᠠᠩᠬᠢᠮ ᠳᠤ ᠴᠤᠭᠯᠠᠷᠠᠵᠤ᠂ ᠨᠠᠢᠮᠠᠨ ᠰᠠᠷ᠎ᠠ ᠶᠢᠨ ᠲᠡᠷᠭᠡᠯ ᠪᠠᠶᠠᠷ ᠢ ᠪᠠᠶᠠᠷᠯᠠᠨ ᠤᠭᠲᠤᠪᠠ᠃     ᠮᠢᠩ ᠠᠨ ᠨᠡᠶᠢᠭᠡᠮ ᠲᠣᠭᠤᠷᠢᠭ᠄ ᠲᠣᠭᠤᠷᠢᠭ ᠤᠨ ᠨᠠᠮ ᠤᠨ ᠬᠤᠷᠢᠶ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠡᠮᠡᠭᠲᠡᠶᠢᠴᠦᠳ ᠤᠨ ᠬᠤᠯᠪᠣᠭ᠎ᠠ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠬᠠᠮᠲᠤᠪᠠᠷ ︽ᠨᠠᠢᠮᠠᠨ ᠰᠠᠷᠠᠨ ᠤ ᠠᠷᠪᠠᠨ ᠲᠠᠪᠣᠨ ᠤ ᠪᠠᠶᠠᠷ ᠵᠢᠴᠢ ᠡᠬᠡ ᠤᠯᠤᠰ ᠤᠨ ᠢᠶᠠᠨ ᠮᠡᠨᠳᠦᠯᠡᠭᠰᠡᠨ ᠪᠠᠶᠠᠷ ᠢ ᠪᠡᠯᠭᠡᠯᠡᠶ᠎ᠡ︾ ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠳᠤ᠂ ᠡᠩ ᠲᠡᠷᠢᠭᠦᠨ ᠳᠤ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠪᠣᠯᠤᠨ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ ᠭᠤᠭᠴᠤᠭ᠎ᠠ ᠶᠢ ᠣᠨᠴᠠᠭᠠᠶᠢᠯᠠᠨ ᠥᠷᠨᠢᠭᠦᠯᠵᠦ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠵᠤ᠂ ᠣᠯᠠᠨ ᠢᠶᠠᠷ ᠢᠶᠠᠨ ᠢᠳᠡᠪᠬᠢᠲᠡᠢ ᠣᠷᠣᠯᠴᠠᠬᠤ ᠬᠡᠷᠡᠭᠲᠡᠢ᠃  
 
ᠢᠷᠡᠯᠲᠡ᠄ ᠵᠢᠨᠱᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号