ᠭᠡᠷ ᠪᠦᠯᠢ ᠪᠣᠯ ᠨᠡᠶᠢᠭᠡᠮ ᠤᠨ ᠦᠨᠳᠦᠰᠦᠨ ᠡᠰ ᠮᠥᠨ᠂ ᠬᠤᠪᠢ ᠬᠥᠮᠦᠨ ᠤ ᠵᠣᠯ ᠵᠢᠷᠭᠠᠯᠲᠤ ᠠᠮᠢᠳᠤᠷᠠᠯ ᠤᠨ | ᠭᠠᠷᠠᠮ ᠮᠥᠨ᠂ ᠪᠠᠰᠠ ᠴᠤ ᠬᠥᠮᠦᠨ ᠨᠢᠭᠡᠪᠦᠷᠢ ᠶᠢᠨ ᠠᠩᠬᠠᠳᠠᠭᠴᠢ ᠰᠤᠷᠭᠠᠭᠤᠯᠢ ᠮᠥᠨ᠂ ᠭᠡᠷ ᠪᠦᠯᠢ ᠡᠶ᠎ᠡ ᠨᠠᠶᠢᠷᠲᠠᠢ | ᠪᠣᠯ ᠨᠡᠶᠢᠭᠡᠮ ᠠᠮᠤᠷ ᠲᠣᠭᠲᠠᠭᠤᠨ᠂ ᠭᠡᠷ ᠪᠦᠯᠢ ᠵᠣᠯ ᠵᠢᠷᠭᠠᠯ ᠲᠠᠢ ᠪᠣᠯ ᠨᠡᠶᠢᠭᠡᠮ ᠡᠶ᠎ᠡ ᠨᠠᠶᠢᠷᠠᠮᠳᠠᠭᠤ᠂ ᠭᠡᠷ ᠪᠦᠯᠢ | ᠪᠣᠯᠪᠠᠰᠤᠨ ᠪᠣᠯ ᠨᠡᠶᠢᠭᠡᠮ ᠤᠨ ᠪᠣᠯᠪᠠᠰᠤᠨ ᠪᠣᠯᠤᠨ᠎ᠠ᠃ ᠭᠡᠷ ᠤᠨ ᠰᠤᠷᠭᠠᠯ ᠪᠣᠯ ᠨᠢᠭᠡ ᠬᠥᠮᠦᠨ ᠤ ᠨᠢᠭᠡ ᠨᠠᠰᠤᠨ ᠤ | ᠠᠩᠬᠠᠨ ᠤ ᠬᠥᠮᠦᠵᠢᠯ ᠮᠥᠨ᠂ ᠬᠠᠮᠤᠭ ᠤᠨ ᠰᠠᠭᠤᠷᠢ᠂ ᠬᠠᠮᠤᠭ ᠤᠨ ᠰᠢᠭᠤᠳ᠂ ᠬᠠᠮᠤᠭ ᠤᠨ ᠪᠦᠲᠦᠮᠵᠢᠲᠡᠢ | ᠰᠤᠷᠭᠠᠨ ᠬᠥᠮᠦᠵᠢᠯ ᠤᠨ ᠠᠷᠭ᠎ᠠ ᠬᠡᠯᠪᠡᠷᠢ ᠮᠥᠨ᠂ ᠭᠡᠷ ᠪᠦᠯᠢ ᠶᠢᠨ ᠣᠶᠤᠨ ᠰᠠᠨᠠᠭᠠᠨ ᠤ ᠳᠣᠲᠣᠷᠠᠬᠢ ᠲᠥᠪ ᠤᠨ | ᠪᠣᠳᠠᠲᠠᠢ ᠢᠯᠡᠷᠡᠯ ᠮᠥᠨ᠂ ᠬᠡᠦᠬᠡᠳ ᠤᠨ ᠨᠢᠭᠡᠳᠦᠭᠡᠷ ᠬᠢᠴᠢᠶᠡᠯ ᠤᠨ ᠲᠠᠩᠬᠢᠮ᠂ ᠵᠠᠩ ᠮᠣᠷᠠᠯ ᠤᠨ ᠬᠥᠮᠦᠵᠢᠯ ᠤᠨ | ᠲᠡᠷᠢᠭᠦᠨ ᠴᠢᠬᠤᠯᠠ ᠵᠢᠭᠰᠠᠭᠠᠯ ᠤᠨ ᠭᠠᠵᠠᠷ ᠮᠥᠨ᠂ ᠪᠠᠰᠠ ᠴᠤ ᠬᠤᠪᠢᠰᠬᠠᠯ ᠤᠨ ᠭᠡᠷ ᠤᠨ ᠰᠤᠷᠲᠠᠯ ᠢ ᠤᠯᠠᠮᠵᠢᠯᠠᠨ | ᠵᠠᠯᠭᠠᠮᠵᠢᠯᠠᠬᠤ ᠴᠢᠬᠤᠯᠠ ᠠᠷᠭ᠎ᠠ ᠵᠠᠮ ᠮᠥᠨ᠃ ᠭᠡᠷ ᠤᠨ ᠰᠤᠷᠲᠠᠯ ᠪᠣᠯ ᠨᠡᠶᠢᠭᠡᠮ ᠤᠨ ᠬᠡᠪ ᠰᠤᠷᠲᠠᠯ ᠢ ᠨᠥᠯᠥᠭᠡᠯᠡᠬᠦ | ᠴᠢᠬᠤᠯᠠ ᠡᠬᠢ ᠰᠤᠷᠪᠤᠯᠵᠢ ᠮᠥᠨ᠂ ᠨᠡᠶᠢᠭᠡᠮ ᠤᠨ ᠬᠡᠪ ᠰᠤᠷᠲᠠᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ | ᠨᠢᠭᠡ ᠭᠡᠷ ᠪᠦᠯᠢ ᠶᠢᠨ ᠤᠯᠠᠮᠵᠢᠯᠠᠯᠲᠤ ᠬᠡᠪ ᠰᠤᠷᠲᠠᠯ ᠮᠥᠨ᠂ ᠭᠡᠷ ᠪᠦᠯᠢ ᠶᠢᠨ ᠥᠷᠲᠡᠭ ᠤᠨ ᠤᠯᠠᠮᠵᠢᠯᠠᠯ ᠪᠠ | ᠰᠣᠶᠣᠯ ᠤᠨ ᠵᠠᠩ ᠴᠢᠨᠠᠷ ᠢ ᠢᠯᠡᠷᠡᠭᠦᠯᠵᠦ ᠪᠠᠶᠢᠳᠠᠭ᠃ | ᠭᠡᠷ ᠪᠦᠯᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ | ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠢᠳᠡᠪᠬᠢᠲᠡᠢ ᠪᠤᠶᠢᠵᠢᠭᠤᠯᠤᠨ ᠦᠢᠯᠡᠳᠦᠯᠭᠡᠵᠢᠭᠦᠯᠵᠦ᠂ | ᠠᠷᠠᠳ ᠢᠷᠭᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠬᠡᠪ ᠴᠢᠨᠠᠷ ᠪᠣᠯᠤᠨ ᠨᠡᠶᠢᠭᠡᠮ ᠤᠨ ᠪᠣᠯᠪᠠᠰᠤᠨ ᠤ | ᠬᠡᠮᠵᠢᠶ᠎ᠡ ᠶᠢ ᠳᠡᠭᠡᠭᠰᠢᠯᠡᠭᠦᠯᠵᠦ᠂ ᠪᠥᠬᠦ ᠰᠢᠶᠠᠨ ᠤ ᠥᠷᠭᠡᠨ ᠣᠯᠠᠨ ᠭᠡᠷ ᠪᠦᠯᠢ ᠶᠢ ᠬᠥᠲᠥᠯᠥᠨ ᠵᠢᠯᠣᠭᠤᠳᠴᠤ | ᠪᠠᠶᠢᠭᠠᠳ ᠰᠢᠨ᠎ᠡ ᠴᠠᠭ ᠦᠶ᠎ᠡ ᠶᠢᠨ ᠭᠡᠷ ᠪᠦᠯᠢ ᠶᠢᠨ ᠦᠵᠡᠯᠲᠡ ᠶᠢ ᠦᠢᠯᠡᠳᠦᠯᠭᠡᠵᠢᠭᠦᠯᠵᠦ᠂ ᠨᠡᠶᠢᠭᠡᠮ ᠵᠢᠷᠤᠮ ᠤᠨ | ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠪᠠᠳᠠᠷᠠᠭᠤᠯᠬᠤ ᠶᠢᠨ ᠲᠥᠯᠥᠭᠡ᠂ ᠭᠦᠶᠡᠩ ᠰᠢᠶᠠᠨ ᠤ | ᠪᠣᠯᠪᠠᠰᠤᠨ ᠤ ᠠᠯᠪᠠᠨ ᠭᠡᠷ ︽ᠭᠡᠷ ᠤᠨ ᠰᠤᠷᠲᠠᠯ ᠭᠡᠷ ᠤᠨ ᠰᠤᠷᠭᠠᠯ ᠤᠨ ᠤᠯᠠᠮᠵᠢᠯᠠᠯ︾ ᠭᠡᠬᠦ ᠲᠤᠰᠬᠠᠢ ᠪᠤᠯᠤᠩ | ᠭᠠᠷᠭᠠᠵᠤ᠂ ᠪᠢᠳᠡ ᠬᠠᠮᠲᠤ ᠪᠠᠷ ᠳᠡᠷᠭᠡᠳᠡᠬᠢ ᠪᠣᠯᠪᠠᠰᠤᠨ ᠭᠡᠷ ᠪᠦᠯᠢ ᠳᠤ ᠬᠦᠷᠴᠦ᠂ ᠡᠶ᠎ᠡ ᠨᠠᠶᠢᠷᠠᠮᠳᠠᠭᠤ ᠪᠠᠭ᠎ᠠ ᠭᠡᠷ | ᠪᠦᠯᠢ ᠪᠠᠷ ᠨᠡᠶᠢᠭᠡᠮ ᠤᠨ ᠶᠡᠭᠡ ᠡᠶ᠎ᠡ ᠵᠣᠬᠢᠴᠠᠯ ᠢ ᠬᠠᠮᠲᠤ ᠪᠠᠷ ᠪᠦᠲᠦᠭᠡᠨ ᠪᠠᠶᠢᠭᠤᠯᠪᠠ᠃ | ᠵᠠᠩ ᠱᠧᠩ ᠤᠨ ᠭᠡᠷ ᠪᠦᠯᠢ᠂ ᠭᠦᠶᠡᠩ ᠰᠢᠶᠠᠨ ᠤ ᠰᠢᠶᠠ ᠱᠢ ᠬᠤᠤ ᠪᠠᠯᠭᠠᠰᠤᠨ ᠤ ᠴᠧᠨ ᠵᠢᠶᠠ ᠴᠢᠦᠢ | ᠲᠣᠰᠬᠤᠨ ᠤ ᠨᠠᠮ ᠤᠨ ᠬᠤᠷᠢᠶ᠎ᠠ ᠶᠢᠨ ᠺᠠᠩ ᠵᠢᠶᠠ ᠴᠢᠦᠢ ᠲᠣᠰᠬᠤᠨ ᠳᠤ ᠰᠠᠭᠤᠵᠤ᠂ 2023 ᠣᠨ ᠳᠤ ᠭᠦᠶᠡᠩ | ᠰᠢᠶᠠᠨ ᠤ ᠱᠠᠲᠤᠨ ᠤ ᠪᠣᠯᠪᠠᠰᠤᠨ ᠭᠡᠷ ᠪᠦᠯᠢ ᠪᠠᠷ ᠦᠨᠡᠯᠡᠭᠳᠡᠪᠡ᠃ | ᠵᠠᠩ ᠱᠧᠩ ᠠᠵᠢᠯᠴᠢ ᠬᠥᠳᠡᠯᠮᠦᠷᠢᠴᠢ ᠪᠠᠶᠢᠵᠤ᠂ ᠰᠠᠨᠠᠭᠠᠴᠢᠯᠠᠭ᠎ᠠ ᠠᠴᠠ ᠪᠠᠨ ᠲᠦᠷᠦᠭᠦᠯᠡᠨ ᠴᠢᠷᠮᠠᠶᠢᠨ | ᠠᠵᠢᠯᠯᠠᠵᠤ᠂ ᠲᠣᠰᠬᠤᠨ ᠤ ᠠᠷᠠᠳ ᠤᠨ ᠪᠠᠶᠠᠵᠢᠨ ᠴᠢᠨᠡᠭᠡᠯᠢᠭᠵᠢᠵᠦ ᠦᠢᠯᠡᠰ ᠪᠤᠰᠬᠠᠬᠤ ᠶᠢ ᠳᠠᠶᠢᠴᠢᠯᠠᠵᠤ᠂ ᠨᠤᠲᠤᠭ | ᠤᠰᠤᠨ ᠤ ᠪᠠᠨ ᠬᠥᠭᠵᠢᠯᠲᠡ ᠳᠤ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ ᠥᠭᠭᠦᠨ᠎ᠡ᠃ 2018 ᠣᠨ ᠳᠤ᠂ | ᠵᠠᠩ ᠱᠧᠩ ᠂ ᠴᠧᠨ ᠵᠢᠶᠠ ᠴᠢᠦᠢ ᠲᠣᠰᠬᠤᠨ ᠤ ᠨᠠᠮ ᠤᠨ ᠡᠭᠦᠷ ᠤᠨ ᠱᠦᠵᠢ ᠲᠣᠰᠬᠤᠨ ᠤ ᠡᠷᠬᠢᠯᠡᠭᠴᠢ ᠶᠢᠨ | ᠲᠤᠰᠢᠶᠠᠯ ᠢ ᠬᠠᠪᠰᠤᠷᠭᠠᠨ ᠬᠠᠷᠢᠭᠤᠴᠠᠵᠤ᠂ ᠲᠤᠰᠢᠶᠠᠯ ᠳᠤ ᠪᠠᠶᠢᠬᠤ ᠬᠤᠭᠤᠴᠠᠭᠠᠨ ᠳᠠᠭᠠᠨ ᠤᠷᠢᠳ ᠬᠤᠵᠢᠳ ᠬᠡᠷᠡᠯ | ᠴᠡᠨᠡᠭ ᠢᠶᠠᠷ ᠴᠠᠬᠢᠯᠭᠠᠨ ᠭᠠᠷᠭᠠᠬᠤ ᠥᠷᠲᠡᠭᠡ ᠶᠢᠨ ᠲᠥᠷᠥᠯ ᠵᠦᠢᠯ ᠢ ᠲᠤᠷᠰᠢᠨ ᠬᠡᠷᠡᠭᠵᠢᠭᠦᠯᠵᠦ᠂ ︽ᠣᠨᠴᠠᠯᠢᠭᠲᠤ | ᠲᠠᠷᠢᠮᠠᠯ︾᠂ ︽ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ︾ ᠵᠡᠷᠭᠡ ᠣᠯᠠᠨ ᠲᠥᠷᠥᠯ ᠵᠦᠢᠯ ᠢ ᠥᠷᠨᠢᠭᠦᠯᠵᠦ᠂ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠨᠴᠠᠯᠢᠭᠲᠤ ᠮᠥᠭᠦ ᠬᠢᠭᠡᠳ ᠣᠨᠴᠠᠯᠢᠭᠲᠤ ᠡᠮ ᠤᠨ | ᠮᠠᠲ᠋ᠧᠷᠢᠶᠠᠯ ᠤᠨ ᠳᠠᠪᠠᠭᠤᠯᠢᠭ ᠠᠵᠤ ᠦᠢᠯᠡᠰ ᠤᠨ ᠲᠥᠷᠥᠯ ᠵᠦᠢᠯ ᠢ ᠬᠥᠭᠵᠢᠭᠦᠯᠵᠦ᠂ ᠲᠣᠰᠬᠤᠨ ᠤ ᠬᠠᠮᠲᠤ ᠶᠢᠨ | ᠠᠵᠤ ᠠᠬᠤᠢ ᠶᠢᠨ ᠣᠯᠠᠨ ᠲᠠᠯ᠎ᠠ ᠪᠠᠷ ᠳᠠᠶᠢᠴᠢᠯᠠᠬᠤ ᠶᠢ ᠪᠡᠶᠡᠯᠡᠭᠦᠯᠵᠦ᠂ ᠣᠷᠣᠯᠭ᠎ᠠ ᠶᠢ ᠲᠣᠭᠲᠠᠭᠤᠨ ᠢᠶᠠᠷ | ᠨᠡᠮᠡᠭᠳᠡᠭᠦᠯᠪᠡ᠃ | ᠵᠠᠩ ᠱᠧᠩ ︽ᠬᠤᠷᠰᠢᠶ᠎ᠠ ᠲᠠᠷᠢᠶᠠᠴᠢᠨ ᠡᠷᠦᠬᠡ︾ ᠶᠢᠨ ᠣᠯᠠᠨ ᠡᠰᠢᠵᠢᠭᠰᠡᠨ ᠬᠥᠭᠵᠢᠯᠲᠡ ᠶᠢᠨ ᠵᠠᠭᠪᠤᠷ ᠢ | ᠬᠠᠶᠢᠨ ᠰᠦᠪᠡᠭᠴᠢᠯᠡᠬᠦ ᠪᠠᠷ ᠳᠠᠮᠵᠢᠭᠤᠯᠤᠨ᠂ ᠠᠩᠬᠠᠨ ᠤ ᠦᠶ᠎ᠡ ᠶᠢᠨ ᠭᠠᠵᠠᠷ ᠰᠢᠷᠣᠢ ᠶᠢᠨ ᠲᠤᠭ᠎ᠠ ᠬᠡᠮᠵᠢᠶ᠎ᠡ | ᠬᠦᠷᠦᠯᠴᠡᠬᠦ ᠦᠭᠡᠢ᠂ ᠪᠣᠷᠣᠯᠠᠭᠤᠯᠬᠤ ᠠᠷᠭ᠎ᠠ ᠵᠠᠮ ᠨᠡᠯᠢᠶᠡᠳ ᠴᠥᠭᠡᠨ ᠵᠡᠷᠭᠡ ᠬᠢᠵᠠᠭᠠᠷᠲᠤ ᠴᠢᠨᠠᠷᠲᠠᠢ ᠠᠰᠠᠭᠤᠳᠠᠯ ᠢ | ᠰᠢᠢᠳᠪᠦᠷᠢᠯᠡᠵᠦ᠂ ᠰᠤᠯᠠ ᠪᠠᠶᠢᠭ᠎ᠠ ᠲᠥᠮᠥᠰᠥ ᠶᠢᠨ ᠵᠣᠭᠤᠷᠢ ᠪᠠ ᠪᠤᠰᠤᠳ ᠲᠠᠷᠢᠮᠠᠯ ᠤᠨ ᠭᠠᠵᠠᠷ ᠰᠢᠷᠣᠢ ᠶᠢᠨ | ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠂ ᠡᠯ᠎ᠡ ᠲᠥᠷᠥᠯ ᠤᠨ ᠲᠠᠷᠢᠮᠠᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠪᠠ ᠲᠠᠷᠢᠶᠠᠯᠠᠩ ᠤᠨ ᠮᠡᠳᠡᠯᠭᠡ ᠶᠢ ᠬᠤᠪᠢᠶᠠᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠴᠧᠨ ᠵᠢᠶᠠ ᠴᠢᠦᠢ ᠲᠣᠰᠬᠤᠨ ᠤ ︽ᠦᠨᠦᠷᠲᠦ ᠮᠥᠬᠦ᠂ ᠮᠢᠨᠳᠠᠰᠤᠨ ᠲᠥᠮᠥᠰᠥ︾ ᠶᠢ ᠲᠣᠰᠬᠤᠨ ᠤ | ᠠᠷᠠᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ︽ᠰᠢᠨ᠎ᠡ ᠠᠷᠭ᠎ᠠ ᠵᠠᠮ︾᠂ ︽ᠵᠣᠭᠤᠰᠣᠨ ᠤᠭᠤᠲᠠ︾ | ᠪᠣᠯᠭᠠᠪᠠ᠃ | ᠠᠮᠢᠳᠤᠷᠠᠯ ᠳᠤᠮᠳᠠ ᠵᠠᠩ ᠱᠧᠩ ᠪᠢᠷ ᠢᠶᠠᠷ ᠵᠠᠭᠤᠴᠢ ᠪᠣᠯᠭᠠᠵᠤ᠂ ︽ᠶᠣᠰᠣ ᠰᠤᠷᠲᠠᠬᠤᠨ ᠢ ᠪᠣᠢ ᠪᠣᠯᠭᠠᠵᠤ | ᠦᠯᠢᠭᠡᠷ ᠳᠠᠭᠤᠷᠢᠶᠠᠯ ᠪᠣᠯᠬᠤ ᠶᠢ ᠮᠠᠷᠲᠠᠵᠤ ᠪᠣᠯᠬᠤ ᠦᠭᠡᠢ᠂ ᠡᠷᠳᠡᠮ ᠮᠡᠳᠡᠯᠭᠡ ᠪᠠᠷ ᠪᠠᠭᠰᠢ ᠪᠣᠯᠬᠤ︾ ᠤᠷᠠᠨ | ᠪᠢᠴᠢᠯᠭᠡ ᠶᠢᠨ ᠪᠦᠲᠦᠭᠡᠯ ᠢ ᠭᠡᠷ ᠲᠡᠭᠡᠨ ᠢᠯᠡ ᠲᠣᠳᠣ ᠪᠠᠶᠢᠷᠢᠨ ᠳᠤ ᠡᠯᠭᠦᠪᠡ᠃ ᠡᠭᠦᠨ ᠤ ᠬᠠᠮᠲᠤ ᠲᠡᠷᠡ ᠭᠡᠷ | ᠪᠦᠯᠢ ᠶᠢᠨ ᠪᠦᠷᠢᠯᠳᠦᠬᠦᠨ ᠤ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠴᠢᠬᠤᠯᠠᠴᠢᠯᠠᠨ ᠬᠥᠮᠦᠵᠢᠭᠦᠯᠵᠦ᠂ | ᠬᠦᠦ ᠵᠠᠩ ᠵᠧᠨ ᠳ᠋ᠦᠩ ᠤᠯᠤᠰ ᠤᠨ ᠵᠣᠷᠢᠭ ᠲᠡᠭᠦᠯᠳᠡᠷ ᠢᠷᠠᠭᠤ ᠠᠯᠳᠠᠷᠲᠠᠢ ᠪᠠᠷ ᠴᠡᠷᠢᠭ ᠲᠤ ᠣᠷᠣᠬᠤ ᠪᠠᠷ ᠵᠣᠷᠢᠭ | ᠰᠢᠭᠤᠳᠴᠤ᠂ ᠴᠡᠷᠢᠭ ᠠᠩᠭᠢ ᠳᠤ ᠡᠴᠢᠭᠡ ᠶᠢᠨ ᠢᠶᠠᠨ ᠰᠤᠷᠭᠠᠯ ᠢ ᠴᠠᠭ ᠢᠮᠠᠭᠲᠠ ᠪᠠᠲᠤ ᠴᠡᠭᠡᠵᠢᠯᠡᠵᠦ᠂ | ᠬᠠᠲᠠᠭᠤᠵᠢᠯᠲᠠᠢ ᠪᠣᠯᠪᠠᠰᠤᠷᠠᠵᠤ᠂ ᠪᠡᠶ᠎ᠡ ᠪᠠᠨ ᠴᠢᠩᠭ᠎ᠠ ᠱᠠᠭᠠᠷᠳᠠᠵᠤ᠂ ᠠᠯᠢ ᠨᠢᠭᠡ ᠡᠳᠦᠷ ᠠᠪᠤ ᠲᠠᠢ ᠪᠠᠨ ᠠᠳᠠᠯᠢ ᠪᠠᠷ | ᠤᠯᠤᠰ ᠪᠠ ᠨᠡᠶᠢᠭᠡᠮ ᠳᠤ ᠬᠡᠷᠡᠭᠴᠡᠭᠡ ᠲᠠᠢ ᠬᠥᠮᠦᠨ ᠪᠣᠯᠬᠤ ᠶᠢ ᠬᠦᠰᠡᠵᠦ ᠪᠠᠶᠢᠪᠠ᠃ | |