ᠣᠶᠢᠷ᠎ᠠ ᠳᠤ᠂ ᠭᠦᠶᠡᠩ ᠰᠢᠶᠠᠨ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠲᠤᠷ ᠶᠠᠷᠢᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠴᠣᠭᠴᠠᠯᠠᠬᠤ︾ ᠪᠠᠷ ᠭᠤᠣᠯ | ᠰᠡᠳᠦᠪ ᠪᠣᠯᠭᠠᠵᠤ᠂ ︽ᠤᠯᠠᠭᠠᠨ ᠠᠨᠠᠷ ᠬᠤᠨᠳᠠᠭᠠᠲᠤ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ | ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠢ ᠡᠷᠬᠢᠯᠡᠪᠡ᠃ ᠲᠤᠰ ᠤᠳᠠᠭᠠᠨ ᠤ ᠤᠷᠤᠯᠳᠤᠭᠠᠨ ᠤ ᠵᠣᠷᠢᠯᠭ᠎ᠠ ᠨᠢ | ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ | ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠳᠡᠷᠭᠡᠳᠡᠬᠢ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠯᠢᠭᠡᠷ ᠢ ᠭᠦᠨᠵᠡᠭᠡᠢ ᠠᠭᠤᠳᠠᠯᠵᠤ᠂ ᠭᠦᠶᠡᠩ ᠰᠢᠶᠠᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠰᠠᠶᠢᠨ ᠳᠠᠭᠤᠨ ᠢ ᠢᠳᠡᠪᠬᠢᠲᠡᠢ ᠤᠯᠠᠮᠵᠢᠯᠠᠵᠤ᠂ ᠠᠮᠢᠳᠤᠯᠢᠭ ᠦᠯᠢᠭᠡᠷ ᠢᠶᠠᠷ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠶᠢᠨ ᠪᠣᠳᠠᠲᠤ ᠠᠴᠢ | ᠬᠤᠯᠪᠣᠭᠳᠠᠯ ᠢ ᠲᠠᠶᠢᠯᠪᠤᠷᠢᠯᠠᠬᠤ ᠶᠢᠨ ᠲᠥᠯᠥᠭᠡ ᠶᠤᠮ᠃ | ᠤᠷᠤᠯᠳᠤᠭᠠᠨ ᠤ ᠲᠤᠬᠠᠢ ᠶᠢᠨ ᠲᠠᠯᠠᠪᠠᠢ ᠳᠤ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠨᠢᠭᠡᠴᠡ ᠠᠴᠠ | ᠢᠷᠡᠭᠰᠡᠨ 26 ᠤᠷᠤᠯᠳᠤᠭᠠᠨ ᠳᠤ ᠣᠷᠣᠯᠴᠠᠭᠰᠠᠳ ᠠᠮᠢᠳᠤᠯᠢᠭ ᠦᠭᠡ ᠬᠡᠯᠡ᠂ ᠴᠢᠩ ᠦᠨᠡᠨᠴᠢ ᠰᠡᠳᠬᠢᠯᠭᠡ ᠪᠠᠷ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ | ᠰᠢᠵᠢᠮ ᠤᠨ ᠲᠣᠭᠤᠷᠢᠨ ᠳᠤ᠂ ᠮᠠᠨ ᠤ ᠰᠢᠶᠠᠨ ᠤ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ | ᠬᠠᠮᠲᠤ ᠪᠠᠷ ᠴᠡᠴᠡᠭᠯᠡᠨ ᠬᠥᠭᠵᠢᠭᠰᠡᠨ ᠲᠡᠦᠬᠡ ᠶᠢᠨ ᠪᠣᠳᠠᠲᠤ ᠶᠠᠪᠤᠳᠠᠯ ᠪᠠ ᠪᠣᠳᠠᠲᠤ ᠦᠯᠢᠭᠡᠷ ᠢ ᠶᠠᠷᠢᠵᠤ᠂ ᠭᠦᠶᠡᠩ | ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠯᠤᠲᠤ ᠶᠡᠭᠡ ᠠᠮᠵᠢᠯᠲᠠ ᠶᠢ ᠮᠠᠭᠲᠠᠨ | ᠳᠠᠭᠤᠯᠠᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠬᠠᠷᠢᠯᠴᠠᠨ ᠳᠣᠲᠣᠨᠣᠴᠢᠯᠠᠭᠰᠠᠨ᠂ ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠭᠰᠠᠨ | ᠠᠮᠢᠳᠤᠯᠢᠭ ᠦᠢᠯᠡᠳᠦᠯᠭᠡ ᠶᠢ ᠢᠯᠡᠷᠡᠭᠦᠯᠵᠦ᠂ ᠰᠣᠨᠣᠰᠣᠭᠴᠢᠳ ᠲᠤ ︽ᠬᠠᠯᠠᠭᠤᠨ ᠠᠭᠤᠷ ᠠᠮᠢᠰᠬᠤᠯ︾ ᠤᠨ ᠦᠨᠡᠨ | ᠪᠣᠳᠠᠲᠠᠢ ᠦᠯᠢᠭᠡᠷ ᠳᠤᠮᠳᠠ ᠠᠴᠠ ᠦᠨᠳᠦᠰᠦᠲᠡᠨ ᠤ ᠪᠦᠯᠬᠦᠮᠳᠡᠯ ᠤᠨ ᠦᠨᠡᠨ ᠶᠣᠰᠣ ᠶᠢ ᠮᠡᠳᠡᠷᠡᠭᠦᠯᠪᠡ᠃ | ᠵᠠᠯᠭᠠᠭᠠᠳ᠂ ᠭᠦᠶᠡᠩ ᠰᠢᠶᠠᠨ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠣᠯᠣᠳ | ᠲᠡᠮᠦᠷ ᠤᠨ ᠺᠣᠮᠫᠠᠨᠢ ᠶᠢ ᠪᠠᠶᠢᠭᠤᠯᠬᠤ︾᠂ ︽ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠳᠤ | ᠲᠣᠰᠴᠦ ᠠᠪᠴᠢᠷᠠᠭᠰᠠᠨ︾᠂ ︽ᠲᠠᠯ᠎ᠠ ᠨᠤᠲᠤᠭ ᠤᠨ ᠪᠠᠭᠠᠲᠤᠷ ᠡᠭᠡᠴᠢ ᠥᠬᠢᠨ ᠳᠡᠭᠦᠦ︾ ᠵᠡᠷᠭᠡ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠲᠡᠦᠬᠡ ᠶᠢᠨ ᠰᠠᠶᠢᠬᠠᠨ ᠦᠯᠢᠭᠡᠷ ᠢ ᠭᠦᠨᠵᠡᠭᠡᠢ ᠠᠭᠤᠳᠠᠯᠵᠤ᠂ ᠰᠢᠨ᠎ᠡ ᠴᠠᠭ ᠦᠶ᠎ᠡ ᠶᠢᠨ | ᠪᠥᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠷᠬᠢᠮ ᠨᠠᠨᠳᠢᠨ ᠵᠠᠩ ᠴᠢᠨᠠᠷ ᠢ ᠪᠣᠯᠪᠠᠰᠤᠷᠠᠭᠤᠯᠵᠤ | ᠂ ᠭᠦᠶᠡᠩ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠦᠷᠢ ᠲᠥᠷᠬᠦ ᠶᠢᠨ ᠨᠡᠶᠢᠲᠡᠯᠢᠭ ᠦᠢᠯᠡ | ᠠᠵᠢᠯᠯᠠᠭ᠎ᠠ ᠶᠢ ᠤᠬᠠᠭᠤᠯᠵᠤ᠂ ᠣᠯᠠᠨ ᠵᠦᠢᠯ ᠤᠨ ᠬᠡᠯᠪᠡᠷᠢ ᠶᠢᠨ ︽ᠤᠯᠠᠭᠠᠨ ᠠᠨᠠᠷ ᠬᠤᠨᠳᠠᠭᠠᠲᠤ︾ ᠰᠢᠷᠢᠰ | ᠠᠵᠢᠯᠯᠠᠭ᠎ᠠ ᠪᠣᠯᠤᠨ ᠡᠯ᠎ᠡ ᠵᠦᠢᠯ ᠤᠨ ᠣᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠨᠠᠮ ᠤᠨ | ᠠᠴᠢ ᠶᠢ ᠦᠨᠡᠨ ᠰᠡᠳᠬᠢᠯ ᠠᠴᠠ ᠪᠠᠨ ᠮᠡᠳᠡᠷᠡᠭᠦᠯᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠶᠢ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠠᠵᠢᠯᠯᠠᠭᠠᠨ ᠤ ᠪᠠᠷᠢᠮᠵᠢᠶ᠎ᠠ ᠪᠣᠯᠤᠨ ᠡᠳᠦᠷ ᠲᠤᠲᠤᠮ ᠤᠨ | ᠳᠠᠳᠬᠠᠯ ᠪᠣᠯᠭᠠᠬᠤ ᠪᠠᠷ ᠢᠲᠡᠭᠡᠯ ᠳᠦᠭᠦᠷᠡᠩ ᠪᠠᠶᠢᠨ᠎ᠠ᠃ |