ᠵᠠᠩ ᠱᠧᠩ ᠤᠨ ᠭᠡᠷ ᠪᠦᠯᠢ
ᠨᠡᠶᠢᠲᠡᠯᠡᠭᠰᠡᠨ ᠴᠠᠭ᠄
2024/9/22
    ᠭᠡᠷ ᠪᠦᠯᠢ ᠪᠣᠯ ᠨᠡᠶᠢᠭᠡᠮ ᠤᠨ ᠦᠨᠳᠦᠰᠦᠨ ᠡᠰ ᠮᠥᠨ᠂ ᠬᠤᠪᠢ ᠬᠥᠮᠦᠨ ᠤ ᠵᠣᠯ ᠵᠢᠷᠭᠠᠯᠲᠤ ᠠᠮᠢᠳᠤᠷᠠᠯ ᠤᠨ ᠭᠠᠷᠠᠮ ᠮᠥᠨ᠂ ᠪᠠᠰᠠ ᠴᠤ ᠬᠥᠮᠦᠨ ᠨᠢᠭᠡᠪᠦᠷᠢ ᠶᠢᠨ ᠠᠩᠬᠠᠳᠠᠭᠴᠢ ᠰᠤᠷᠭᠠᠭᠤᠯᠢ ᠮᠥᠨ᠂ ᠭᠡᠷ ᠪᠦᠯᠢ ᠡᠶ᠎ᠡ ᠨᠠᠶᠢᠷᠲᠠᠢ ᠪᠣᠯ ᠨᠡᠶᠢᠭᠡᠮ ᠠᠮᠤᠷ ᠲᠣᠭᠲᠠᠭᠤᠨ᠂ ᠭᠡᠷ ᠪᠦᠯᠢ ᠵᠣᠯ ᠵᠢᠷᠭᠠᠯ ᠲᠠᠢ ᠪᠣᠯ ᠨᠡᠶᠢᠭᠡᠮ ᠡᠶ᠎ᠡ ᠨᠠᠶᠢᠷᠠᠮᠳᠠᠭᠤ᠂ ᠭᠡᠷ ᠪᠦᠯᠢ ᠪᠣᠯᠪᠠᠰᠤᠨ ᠪᠣᠯ ᠨᠡᠶᠢᠭᠡᠮ ᠤᠨ ᠪᠣᠯᠪᠠᠰᠤᠨ ᠪᠣᠯᠤᠨ᠎ᠠ᠃ ᠭᠡᠷ ᠤᠨ ᠰᠤᠷᠭᠠᠯ ᠪᠣᠯ ᠨᠢᠭᠡ ᠬᠥᠮᠦᠨ ᠤ ᠨᠢᠭᠡ ᠨᠠᠰᠤᠨ ᠤ ᠠᠩᠬᠠᠨ ᠤ ᠬᠥᠮᠦᠵᠢᠯ ᠮᠥᠨ᠂ ᠬᠠᠮᠤᠭ ᠤᠨ ᠰᠠᠭᠤᠷᠢ᠂ ᠬᠠᠮᠤᠭ ᠤᠨ ᠰᠢᠭᠤᠳ᠂ ᠬᠠᠮᠤᠭ ᠤᠨ ᠪᠦᠲᠦᠮᠵᠢᠲᠡᠢ ᠰᠤᠷᠭᠠᠨ ᠬᠥᠮᠦᠵᠢᠯ ᠤᠨ ᠠᠷᠭ᠎ᠠ ᠬᠡᠯᠪᠡᠷᠢ ᠮᠥᠨ᠂ ᠭᠡᠷ ᠪᠦᠯᠢ ᠶᠢᠨ ᠣᠶᠤᠨ ᠰᠠᠨᠠᠭᠠᠨ ᠤ ᠳᠣᠲᠣᠷᠠᠬᠢ ᠲᠥᠪ ᠤᠨ ᠪᠣᠳᠠᠲᠠᠢ ᠢᠯᠡᠷᠡᠯ ᠮᠥᠨ᠂ ᠬᠡᠦᠬᠡᠳ ᠤᠨ ᠨᠢᠭᠡᠳᠦᠭᠡᠷ ᠬᠢᠴᠢᠶᠡᠯ ᠤᠨ ᠲᠠᠩᠬᠢᠮ᠂ ᠵᠠᠩ ᠮᠣᠷᠠᠯ ᠤᠨ ᠬᠥᠮᠦᠵᠢᠯ ᠤᠨ ᠲᠡᠷᠢᠭᠦᠨ ᠴᠢᠬᠤᠯᠠ ᠵᠢᠭᠰᠠᠭᠠᠯ ᠤᠨ ᠭᠠᠵᠠᠷ ᠮᠥᠨ᠂ ᠪᠠᠰᠠ ᠴᠤ ᠬᠤᠪᠢᠰᠬᠠᠯ ᠤᠨ ᠭᠡᠷ ᠤᠨ ᠰᠤᠷᠲᠠᠯ ᠢ ᠤᠯᠠᠮᠵᠢᠯᠠᠨ ᠵᠠᠯᠭᠠᠮᠵᠢᠯᠠᠬᠤ ᠴᠢᠬᠤᠯᠠ ᠠᠷᠭ᠎ᠠ ᠵᠠᠮ ᠮᠥᠨ᠃ ᠭᠡᠷ ᠤᠨ ᠰᠤᠷᠲᠠᠯ ᠪᠣᠯ ᠨᠡᠶᠢᠭᠡᠮ ᠤᠨ ᠬᠡᠪ ᠰᠤᠷᠲᠠᠯ ᠢ ᠨᠥᠯᠥᠭᠡᠯᠡᠬᠦ ᠴᠢᠬᠤᠯᠠ ᠡᠬᠢ ᠰᠤᠷᠪᠤᠯᠵᠢ ᠮᠥᠨ᠂ ᠨᠡᠶᠢᠭᠡᠮ ᠤᠨ ᠬᠡᠪ ᠰᠤᠷᠲᠠᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠨᠢᠭᠡ ᠭᠡᠷ ᠪᠦᠯᠢ ᠶᠢᠨ ᠤᠯᠠᠮᠵᠢᠯᠠᠯᠲᠤ ᠬᠡᠪ ᠰᠤᠷᠲᠠᠯ ᠮᠥᠨ᠂ ᠭᠡᠷ ᠪᠦᠯᠢ ᠶᠢᠨ ᠥᠷᠲᠡᠭ ᠤᠨ ᠤᠯᠠᠮᠵᠢᠯᠠᠯ ᠪᠠ ᠰᠣᠶᠣᠯ ᠤᠨ ᠵᠠᠩ ᠴᠢᠨᠠᠷ ᠢ ᠢᠯᠡᠷᠡᠭᠦᠯᠵᠦ ᠪᠠᠶᠢᠳᠠᠭ᠃     ᠭᠡᠷ ᠪᠦᠯᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠢᠳᠡᠪᠬᠢᠲᠡᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠠᠷᠠᠳ ᠢᠷᠭᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠬᠡᠪ ᠴᠢᠨᠠᠷ ᠪᠣᠯᠤᠨ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠵᠦ᠂ ᠪᠥᠬᠦ ᠰᠢᠶᠠᠨ ᠤ ᠥᠷᠭᠡᠨ ᠣᠯᠠᠨ ᠭᠡᠷ ᠪᠦᠯᠢ ᠶᠢ ᠬᠥᠲᠥᠯᠥᠨ ᠵᠢᠯᠣᠭᠤᠳᠴᠤ ᠪᠠᠶᠢᠭᠠᠳ ᠰᠢᠨ᠎ᠡ ᠴᠠᠭ ᠦᠶ᠎ᠡ ᠶᠢᠨ ᠭᠡᠷ ᠪᠦᠯᠢ ᠶᠢᠨ ᠦᠵᠡᠯᠲᠡ ᠶᠢ ᠦᠢᠯᠡᠳᠦᠯᠭᠡᠵᠢᠭᠦᠯᠵᠦ᠂ ᠨᠡᠶᠢᠭᠡᠮ ᠵᠢᠷᠤᠮ ᠤᠨ ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠪᠠᠳᠠᠷᠠᠭᠤᠯᠬᠤ ᠶᠢᠨ ᠲᠥᠯᠥᠭᠡ᠂ ᠭᠦᠶᠡᠩ ᠰᠢᠶᠠᠨ ᠤ ᠪᠣᠯᠪᠠᠰᠤᠨ ᠤ ᠠᠯᠪᠠᠨ ᠭᠡᠷ ︽ᠭᠡᠷ ᠤᠨ ᠰᠤᠷᠲᠠᠯ ᠭᠡᠷ ᠤᠨ ᠰᠤᠷᠭᠠᠯ ᠤᠨ ᠤᠯᠠᠮᠵᠢᠯᠠᠯ︾ ᠭᠡᠬᠦ ᠲᠤᠰᠬᠠᠢ ᠪᠤᠯᠤᠩ ᠭᠠᠷᠭᠠᠵᠤ᠂ ᠪᠢᠳᠡ ᠬᠠᠮᠲᠤ ᠪᠠᠷ ᠳᠡᠷᠭᠡᠳᠡᠬᠢ ᠪᠣᠯᠪᠠᠰᠤᠨ ᠭᠡᠷ ᠪᠦᠯᠢ ᠳᠤ ᠬᠦᠷᠴᠦ᠂ ᠡᠶ᠎ᠡ ᠨᠠᠶᠢᠷᠠᠮᠳᠠᠭᠤ ᠪᠠᠭ᠎ᠠ ᠭᠡᠷ ᠪᠦᠯᠢ ᠪᠠᠷ ᠨᠡᠶᠢᠭᠡᠮ ᠤᠨ ᠶᠡᠭᠡ ᠡᠶ᠎ᠡ ᠵᠣᠬᠢᠴᠠᠯ ᠢ ᠬᠠᠮᠲᠤ ᠪᠠᠷ ᠪᠦᠲᠦᠭᠡᠨ ᠪᠠᠶᠢᠭᠤᠯᠪᠠ᠃     ᠵᠠᠩ ᠱᠧᠩ ᠤᠨ ᠭᠡᠷ ᠪᠦᠯᠢ᠂ ᠭᠦᠶᠡᠩ ᠰᠢᠶᠠᠨ ᠤ ᠰᠢᠶᠠ ᠱᠢ ᠬᠤᠤ ᠪᠠᠯᠭᠠᠰᠤᠨ ᠤ ᠴᠧᠨ ᠵᠢᠶᠠ ᠴᠢᠦᠢ ᠲᠣᠰᠬᠤᠨ ᠤ ᠨᠠᠮ ᠤᠨ  ᠬᠤᠷᠢᠶ᠎ᠠ ᠶᠢᠨ ᠺᠠᠩ ᠵᠢᠶᠠ ᠴᠢᠦᠢ ᠲᠣᠰᠬᠤᠨ ᠳᠤ ᠰᠠᠭᠤᠵᠤ᠂ 2023 ᠣᠨ ᠳᠤ ᠭᠦᠶᠡᠩ ᠰᠢᠶᠠᠨ ᠤ ᠱᠠᠲᠤᠨ ᠤ ᠪᠣᠯᠪᠠᠰᠤᠨ ᠭᠡᠷ ᠪᠦᠯᠢ ᠪᠠᠷ ᠦᠨᠡᠯᠡᠭᠳᠡᠪᠡ᠃     ᠵᠠᠩ ᠱᠧᠩ ᠲᠤᠰ ᠬᠥᠮᠦᠨ ᠠᠵᠢᠯᠴᠢ ᠬᠥᠳᠡᠯᠮᠦᠷᠢᠴᠢ ᠪᠠᠶᠢᠵᠤ᠂ ᠰᠠᠨᠠᠭᠠᠴᠢᠯᠠᠭ᠎ᠠ ᠠᠴᠠ ᠪᠠᠨ ᠲᠦᠷᠦᠭᠦᠯᠡᠨ ᠴᠢᠷᠮᠠᠶᠢᠨ ᠠᠵᠢᠯᠯᠠᠵᠤ᠂ ᠲᠣᠰᠬᠤᠨ ᠤ ᠠᠷᠠᠳ ᠤᠨ ᠪᠠᠶᠠᠵᠢᠨ ᠴᠢᠨᠡᠭᠡᠯᠢᠭᠵᠢᠵᠦ ᠦᠢᠯᠡᠰ ᠪᠤᠰᠬᠠᠬᠤ ᠶᠢ ᠳᠠᠶᠢᠴᠢᠯᠠᠵᠤ᠂ ᠨᠤᠲᠤᠭ ᠤᠰᠤᠨ ᠤ ᠪᠠᠨ ᠬᠥᠭᠵᠢᠯᠲᠡ ᠳᠤ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ ᠥᠭᠭᠦᠨ᠎ᠡ᠃ 2018 ᠣᠨ ᠳᠤ᠂ ᠵᠠᠩ ᠱᠧᠩ ᠂ ᠴᠧᠨ ᠵᠢᠶᠠ ᠴᠢᠦᠢ ᠲᠣᠰᠬᠤᠨ ᠤ ᠨᠠᠮ ᠤᠨ ᠡᠭᠦᠷ ᠤᠨ ᠱᠦᠵᠢ ᠲᠣᠰᠬᠤᠨ ᠤ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠤ᠂ ᠲᠤᠰᠢᠶᠠᠯ ᠳᠤ ᠪᠠᠶᠢᠬᠤ ᠬᠤᠭᠤᠴᠠᠭᠠᠨ ᠳᠠᠭᠠᠨ ᠤᠷᠢᠳ ᠬᠤᠵᠢᠳ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠥᠷᠲᠡᠭᠡ ᠶᠢᠨ ᠲᠥᠷᠥᠯ ᠵᠦᠢᠯ ᠢ ᠲᠤᠷᠰᠢᠨ ᠬᠡᠷᠡᠭᠵᠢᠭᠦᠯᠵᠦ᠂ ︽ᠣᠨᠴᠠᠯᠢᠭᠲᠤ ᠲᠠᠷᠢᠮᠠᠯ︾᠂ ︽ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ︾ ᠵᠡᠷᠭᠡ ᠣᠯᠠᠨ ᠲᠥᠷᠥᠯ ᠵᠦᠢᠯ ᠢ ᠥᠷᠨᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠨᠴᠠᠯᠢᠭᠲᠤ ᠮᠥᠭᠦ ᠬᠢᠭᠡᠳ ᠣᠨᠴᠠᠯᠢᠭᠲᠤ ᠡᠮ ᠤᠨ ᠮᠠᠲ᠋ᠧᠷᠢᠶᠠᠯ ᠤᠨ ᠳᠠᠪᠠᠭᠤᠯᠢᠭ ᠠᠵᠤ ᠦᠢᠯᠡᠰ ᠤᠨ ᠲᠥᠷᠥᠯ ᠵᠦᠢᠯ ᠢ ᠬᠥᠭᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠯᠠᠨ ᠲᠠᠯ᠎ᠠ ᠪᠠᠷ ᠳᠠᠶᠢᠴᠢᠯᠠᠬᠤ ᠶᠢ ᠪᠡᠶᠡᠯᠡᠭᠦᠯᠵᠦ᠂ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠪᠡ᠃     ᠵᠠᠩ ᠱᠧᠩ ︽ᠬᠤᠷᠰᠢᠶ᠎ᠠ ᠲᠠᠷᠢᠶᠠᠴᠢᠨ ᠡᠷᠦᠬᠡ︾ ᠶᠢᠨ ᠣᠯᠠᠨ ᠡᠰᠢᠵᠢᠭᠰᠡᠨ ᠬᠥᠭᠵᠢᠯᠲᠡ ᠶᠢᠨ ᠵᠠᠭᠪᠤᠷ ᠢ ᠬᠠᠶᠢᠨ ᠰᠦᠪᠡᠭᠴᠢᠯᠡᠬᠦ ᠪᠠᠷ ᠳᠠᠮᠵᠢᠭᠤᠯᠤᠨ᠂ ᠠᠩᠬᠠᠨ ᠤ ᠦᠶ᠎ᠡ ᠶᠢᠨ ᠭᠠᠵᠠᠷ ᠰᠢᠷᠣᠢ ᠶᠢᠨ ᠲᠤᠭ᠎ᠠ ᠬᠡᠮᠵᠢᠶ᠎ᠡ ᠬᠦᠷᠦᠯᠴᠡᠬᠦ ᠦᠭᠡᠢ᠂ ᠪᠣᠷᠣᠯᠠᠭᠤᠯᠬᠤ ᠠᠷᠭ᠎ᠠ ᠵᠠᠮ ᠨᠡᠯᠢᠶᠡᠳ ᠴᠥᠭᠡᠨ ᠵᠡᠷᠭᠡ ᠬᠢᠵᠠᠭᠠᠷᠲᠤ ᠴᠢᠨᠠᠷᠲᠠᠢ ᠠᠰᠠᠭᠤᠳᠠᠯ ᠢ ᠰᠢᠢᠳᠪᠦᠷᠢᠯᠡᠵᠦ᠂ ᠰᠤᠯᠠ ᠪᠠᠶᠢᠭ᠎ᠠ ᠲᠥᠮᠥᠰᠥ ᠶᠢᠨ ᠵᠣᠭᠤᠷᠢ ᠪᠠ ᠪᠤᠰᠤᠳ ᠲᠠᠷᠢᠮᠠᠯ ᠤᠨ ᠭᠠᠵᠠᠷ ᠰᠢᠷᠣᠢ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠂ ᠡᠯ᠎ᠡ ᠲᠥᠷᠥᠯ ᠤᠨ ᠲᠠᠷᠢᠮᠠᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠠ ᠲᠠᠷᠢᠶᠠᠯᠠᠩ ᠤᠨ ᠮᠡᠳᠡᠯᠭᠡ ᠶᠢ ᠬᠤᠪᠢᠶᠠᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠧᠨ ᠵᠢᠶᠠ ᠴᠢᠦᠢ ᠲᠣᠰᠬᠤᠨ ᠤ ︽ᠦᠨᠦᠷᠲᠦ ᠮᠥᠬᠦ᠂ ᠮᠢᠨᠳᠠᠰᠤᠨ ᠲᠥᠮᠥᠰᠥ︾ ᠶᠢ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ︽ᠰᠢᠨ᠎ᠡ ᠠᠷᠭ᠎ᠠ ᠵᠠᠮ︾᠂ ︽ᠵᠣᠭᠤᠰᠣᠨ ᠤᠭᠤᠲᠠ︾ ᠪᠣᠯᠭᠠᠪᠠ᠃     ᠠᠮᠢᠳᠤᠷᠠᠯ ᠳᠤᠮᠳᠠ ᠵᠠᠩ ᠱᠧᠩ ᠪᠢᠷ ᠢᠶᠠᠷ ᠵᠠᠭᠤᠴᠢ ᠪᠣᠯᠭᠠᠵᠤ᠂ ︽ᠶᠣᠰᠣ ᠰᠤᠷᠲᠠᠬᠤᠨ ᠢ ᠪᠣᠢ ᠪᠣᠯᠭᠠᠵᠤ ᠦᠯᠢᠭᠡᠷ ᠳᠠᠭᠤᠷᠢᠶᠠᠯ ᠪᠣᠯᠬᠤ ᠶᠢ ᠮᠠᠷᠲᠠᠵᠤ ᠪᠣᠯᠬᠤ ᠦᠭᠡᠢ᠂ ᠡᠷᠳᠡᠮ ᠮᠡᠳᠡᠯᠭᠡ ᠪᠠᠷ ᠪᠠᠭᠰᠢ ᠪᠣᠯᠬᠤ︾ ᠤᠷᠠᠨ ᠪᠢᠴᠢᠯᠭᠡ ᠶᠢᠨ ᠪᠦᠲᠦᠭᠡᠯ ᠢ ᠭᠡᠷ ᠲᠡᠭᠡᠨ ᠢᠯᠡ ᠲᠣᠳᠣ ᠪᠠᠶᠢᠷᠢᠨ ᠳᠤ ᠡᠯᠭᠦᠪᠡ᠃ ᠡᠭᠦᠨ ᠤ ᠬᠠᠮᠲᠤ ᠲᠡᠷᠡ ᠭᠡᠷ ᠪᠦᠯᠢ ᠶᠢᠨ ᠪᠦᠷᠢᠯᠳᠦᠬᠦᠨ ᠤ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠴᠢᠬᠤᠯᠠᠴᠢᠯᠠᠨ ᠬᠥᠮᠦᠵᠢᠭᠦᠯᠵᠦ᠂ ᠬᠦᠦ ᠵᠠᠩ ᠵᠧᠨ ᠳ᠋ᠦᠩ ᠤᠯᠤᠰ ᠤᠨ ᠵᠣᠷᠢᠭ ᠲᠡᠭᠦᠯᠳᠡᠷ ᠢᠷᠠᠭᠤ ᠠᠯᠳᠠᠷᠲᠠᠢ ᠪᠠᠷ ᠴᠡᠷᠢᠭ ᠲᠤ ᠣᠷᠣᠬᠤ ᠪᠠᠷ ᠵᠣᠷᠢᠭ ᠰᠢᠭᠤᠳᠴᠤ᠂ ᠴᠡᠷᠢᠭ ᠠᠩᠭᠢ ᠳᠤ ᠡᠴᠢᠭᠡ ᠶᠢᠨ ᠢᠶᠠᠨ ᠰᠤᠷᠭᠠᠯ ᠢ ᠴᠠᠭ ᠢᠮᠠᠭᠲᠠ ᠪᠠᠲᠤ ᠴᠡᠭᠡᠵᠢᠯᠡᠵᠦ᠂ ᠬᠠᠲᠠᠭᠤᠵᠢᠯᠲᠠᠢ ᠪᠣᠯᠪᠠᠰᠤᠷᠠᠵᠤ᠂ ᠪᠡᠶ᠎ᠡ ᠪᠠᠨ ᠴᠢᠩᠭ᠎ᠠ ᠱᠠᠭᠠᠷᠳᠠᠵᠤ᠂ ᠠᠯᠢ ᠨᠢᠭᠡ ᠡᠳᠦᠷ ᠠᠪᠤ ᠲᠠᠢ ᠪᠠᠨ ᠠᠳᠠᠯᠢ ᠪᠠᠷ ᠤᠯᠤᠰ ᠪᠠ ᠨᠡᠶᠢᠭᠡᠮ ᠳᠤ ᠬᠡᠷᠡᠭᠴᠡᠭᠡ ᠲᠠᠢ ᠬᠥᠮᠦᠨ ᠪᠣᠯᠬᠤ ᠶᠢ ᠬᠦᠰᠡᠵᠦ ᠪᠠᠶᠢᠪᠠ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号