9 ᠰᠠᠷ᠎ᠠ ᠶᠢᠨ 19 ᠤ ᠡᠳᠦᠷ᠂ ᠰᠢᠶᠠᠨ ᠤ ᠤᠰᠤᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ ᠫᠧᠢ ᠵᠢᠶᠠᠨ | ᠵᠢᠶᠦ᠋ᠨ ᠠᠵᠢᠯᠯᠠᠬᠤ ᠳᠤᠭᠤᠶᠢᠯᠠᠩ ᠳᠠᠭᠠᠭᠤᠯᠤᠨ ᠰᠢᠩ ᠱᠦᠨ ᠰᠢ ᠪᠠᠯᠭᠠᠰᠤᠨ ᠳᠤ ᠬᠦᠷᠴᠦ ᠮᠠᠨ ᠤ ᠪᠠᠯᠭᠠᠰᠤᠨ ᠤ | ᠤᠰᠤᠨ ᠤ ᠡᠬᠢ ᠪᠠᠶᠠᠯᠢᠭ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠢᠪᠠ | ᠃ ᠪᠠᠯᠭᠠᠰᠤᠨ ᠤ ᠳᠠᠷᠤᠭ᠎ᠠ ᠯᠢᠦᠢ ᠰᠢᠶᠣᠤ ᠹᠧᠩ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠮᠦ ᠰᠢᠶᠣᠤ | ᠳ᠋ᠦᠩ᠂ ᠦ᠋ ᠬᠤᠤ ᠲᠢᠶᠠᠨ᠂ ᠡᠯ᠎ᠡ ᠲᠣᠰᠬᠤᠨ ᠤ ᠨᠠᠮ ᠤᠨ ᠬᠤᠷᠢᠶᠠᠨ ᠤ ᠱᠦᠵᠢ ᠲᠤᠰ ᠤᠳᠠᠭ᠎ᠠ ᠶᠢᠨ ᠬᠤᠷᠠᠯ ᠳᠤ | ᠣᠷᠣᠯᠴᠠᠪᠠ᠃ | ᠬᠤᠷᠠᠯ ᠳᠡᠭᠡᠷ᠎ᠡ᠂ ᠲᠣᠪᠴᠢᠶᠠᠨ ᠳᠠᠷᠤᠭ᠎ᠠ ᠫᠧᠢ ᠵᠢᠶᠠᠨ ᠵᠢᠶᠦ᠋ᠨ ᠮᠠᠨ ᠤ ᠪᠠᠯᠭᠠᠰᠤᠨ ᠤ ᠤᠰᠤᠨ ᠤ ᠡᠬᠢ | ᠪᠠᠶᠠᠯᠢᠭ ᠤᠨ ᠪᠠᠶᠢᠳᠠᠯ᠂ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠪᠠᠶᠢᠳᠠᠯ ᠵᠢᠴᠢ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠤᠬᠠᠢ ᠲᠠᠶᠢᠯᠤᠮᠵᠢ ᠬᠢᠵᠦ᠂ ᠮᠠᠨ ᠤ ᠪᠠᠯᠭᠠᠰᠤᠨ ᠤ ᠤᠰᠤ | ᠬᠡᠷᠡᠭᠯᠡᠬᠦ᠂ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠲᠣᠰᠬᠤᠨ ᠤ ᠺᠠᠳ᠋ᠷᠴᠤᠳ ᠲᠠᠢ ᠰᠠᠨᠠᠯ ᠢᠶᠠᠨ ᠭᠦᠨᠵᠡᠭᠡᠢ | ᠰᠣᠯᠢᠯᠴᠠᠪᠠ᠃ ᠤᠯᠠᠷᠢᠯ ᠤᠨ ᠴᠢᠨᠠᠷᠲᠠᠢ ᠤᠰᠤ ᠳᠤᠲᠠᠭᠳᠠᠬᠤ᠂ ᠤᠰᠤ ᠠᠶᠤᠯᠭᠦᠢ ᠬᠡᠷᠡᠭᠯᠡᠬᠦ᠂ ᠤᠰᠤᠯᠠᠯᠲᠠ ᠶᠢᠨ | ᠬᠤᠳᠳᠤᠭ ᠲᠤ ᠤᠰᠤ ᠳᠤᠲᠠᠭᠳᠠᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠲᠤᠬᠠᠢ ᠵᠢᠯᠣᠭᠤᠳᠬᠤ ᠰᠠᠨᠠᠯ ᠪᠠ | ᠰᠠᠨᠠᠭᠤᠯᠭ᠎ᠠ ᠳᠤᠷᠠᠳᠪᠠ᠃ | ᠬᠤᠷᠠᠯ ᠳᠡᠭᠡᠷ᠎ᠡ᠂ ᠪᠠᠯᠭᠠᠰᠤᠨ ᠤ ᠳᠠᠷᠤᠭ᠎ᠠ ᠯᠢᠦᠢ ᠰᠢᠶᠣᠤ ᠹᠧᠩ ᠴᠢᠬᠤᠯᠠ ᠶᠠᠷᠢᠶ᠎ᠠ ᠲᠠᠯᠪᠢᠪᠠ᠃ ᠬᠥᠳᠡᠭᠡ | ᠲᠣᠰᠬᠤᠨ ᠤ ᠠᠮᠤᠷ ᠲᠦᠪᠰᠢᠨ ᠢᠶᠠᠷ ᠤᠰᠤ ᠤᠤᠭᠤᠬᠤ ᠪᠣᠯ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ | ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠦᠨᠡᠨᠬᠦ ᠰᠠᠶᠢᠲᠤᠷ ᠠᠳᠬᠤᠵᠤ᠂ ᠪᠣᠳᠠᠲᠠᠢ ᠠᠳᠬᠤᠵᠤ᠂ | ᠨᠠᠷᠢᠯᠢᠭ ᠠᠳᠬᠤᠵᠤ ᠬᠡᠷᠡᠭᠵᠢᠭᠦᠯᠬᠦ ᠬᠡᠷᠡᠭᠲᠡᠢ᠃ ᠲᠤᠰ ᠭᠠᠵᠠᠷ ᠤᠨ ᠪᠣᠳᠠᠲᠤ ᠪᠠᠶᠢᠳᠠᠯ ᠢ ᠦᠨᠳᠦᠰᠦᠯᠡᠨ ᠤᠰᠤ | ᠤᠮᠳᠠ ᠶᠢᠨ ᠢᠨᠵᠧᠨᠧᠷᠢᠩ ᠢ ᠰᠠᠶᠢᠲᠤᠷ ᠬᠠᠮᠢᠶᠠᠷᠤᠨ ᠰᠠᠶᠢᠨ ᠬᠡᠷᠡᠭᠯᠡᠵᠦ᠂ ᠬᠠᠮᠢᠶᠠᠷᠤᠯᠲᠠ ᠶᠢᠨ ᠪᠠᠢᠭᠤᠯᠭ᠎ᠠ ᠠᠴᠠ | ᠲᠠᠷᠢᠶᠠᠯᠠᠩ ᠤᠨ ᠤᠰᠤᠯᠠᠯᠲᠠ᠂ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠪᠠᠶᠢᠭᠤᠯᠵᠤ᠂ ᠤᠰᠤᠨ ᠤ ᠡᠬᠢ ᠪᠠᠶᠠᠯᠢᠭ ᠢ | ᠴᠢᠩᠭ᠎ᠠ ᠲᠥᠯᠥᠪᠵᠢᠭᠦᠯᠬᠦ ᠶᠢᠨ ᠬᠠᠮᠲᠤ ᠨᠠᠶᠢᠳᠠᠪᠤᠷᠢᠵᠢᠭᠤᠯᠵᠤ᠂ ᠵᠠᠯᠭᠠᠮᠵᠢ ᠠᠵᠤ ᠠᠬᠤᠢ ᠨᠡᠶᠢᠭᠡᠮ ᠤᠨ | ᠬᠥᠭᠵᠢᠯᠲᠡ ᠶᠢ ᠦᠨᠡᠨᠬᠦ ᠪᠠᠲᠤᠯᠠᠬᠤ ᠬᠡᠷᠡᠭᠲᠡᠢ᠃ ᠣᠯᠠᠨ ᠲᠦᠮᠡᠨ ᠳᠤ ᠠᠮᠤᠷ ᠲᠦᠪᠰᠢᠨ ᠳᠥᠭᠦᠮ ᠳᠥᠲᠡ ᠤᠰᠤ | ᠬᠡᠷᠡᠭᠯᠡᠬᠦ ᠦᠢᠯᠡᠴᠢᠯᠡᠭᠡ ᠬᠠᠩᠭᠠᠵᠤ᠂ ᠥᠷᠭᠡᠨ ᠣᠯᠠᠨ ᠲᠦᠮᠡᠨ ᠳᠤ ᠰᠠᠨᠠᠭ᠎ᠠ ᠠᠮᠤᠷ ᠤᠰᠤ ᠤᠤᠭᠤᠯᠭᠠᠨ᠎ᠠ ᠭᠡᠵᠦ | ᠴᠢᠬᠤᠯᠠᠴᠢᠯᠠᠪᠠ᠃ | ᠤᠤᠭᠤᠬᠤ ᠤᠰᠤᠨ ᠤ ᠠᠮᠤᠷ ᠲᠦᠪᠰᠢᠨ ᠤ ᠲᠠᠯ᠎ᠠ ᠪᠠᠷ᠂ ᠲᠣᠰᠬᠤᠨ ᠤ ᠲᠣᠭᠲᠠᠭᠠᠯ ᠠᠷᠠᠳ ᠤᠨ ᠭᠡᠷ᠎ᠡ ᠶᠢ | ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠷᠲᠤ ᠬᠤᠭᠤᠴᠠᠭᠠᠨ ᠤ ᠪᠦᠲᠦᠮᠵᠢᠲᠡᠢ ᠠᠵᠢᠯᠯᠠᠭᠠᠨ ᠤ | ᠬᠠᠮᠢᠶᠠᠷᠤᠯᠲᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ | ᠪᠠᠶᠢᠭᠠᠳ ᠬᠥᠳᠡᠭᠡ ᠲᠣᠰᠬᠤᠨ ᠤ ᠤᠤᠭᠤᠬᠤ ᠤᠰᠤᠨ ᠤ ᠲᠥᠬᠦᠭᠡᠷᠦᠮᠵᠢ ᠶᠢ ᠬᠠᠮᠢᠶᠠᠷᠤᠨ ᠬᠠᠮᠠᠭᠠᠯᠠᠬᠤ ᠳᠤ | ᠣᠷᠣᠯᠴᠠᠭᠤᠯᠵᠤ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢ ᠴᠢᠩᠭᠠᠳᠬᠠᠨ᠂ ᠤᠰᠤᠨ ᠤ | ᠬᠡᠮᠵᠢᠶ᠎ᠡ ᠶᠢ ᠪᠠᠲᠤᠯᠠᠵᠤ᠂ ᠤᠰᠤᠨ ᠤ ᠴᠢᠨᠠᠷ ᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ | ᠤᠰᠤᠨ ᠤ ᠲᠠᠯ᠎ᠠ ᠪᠠᠷ ᠲᠠᠷᠢᠬᠤ ᠲᠠᠯᠠᠪᠠᠢ ᠶᠢ ᠲᠣᠬᠢᠷᠠᠭᠤᠯᠵᠤ᠂ ᠤᠰᠤ ᠬᠡᠷᠡᠭᠯᠡᠬᠦ ᠶᠢ ᠪᠠᠭᠠᠰᠬᠠᠵᠤ᠂ ᠤᠰᠤᠨ ᠤ ᠡᠬᠢ | ᠪᠠᠶᠠᠯᠢᠭ ᠢ ᠥᠨᠳᠥᠷ ᠦᠷ᠎ᠡ ᠪᠦᠲᠦᠮᠵᠢᠲᠡᠢ ᠪᠠᠷ ᠲᠣᠬᠢᠷᠠᠭᠤᠯᠤᠨ ᠵᠦᠢ ᠵᠣᠬᠢᠰᠲᠠᠢ ᠠᠰᠢᠭᠯᠠᠬᠤ ᠬᠡᠷᠡᠭᠲᠡᠢ᠃ | ᠤᠰᠤᠨ ᠤ ᠡᠬᠢ ᠪᠠᠶᠠᠯᠢᠭ ᠢ ᠰᠠᠶᠢᠲᠤᠷ ᠬᠡᠷᠡᠭᠯᠡᠬᠦ ᠶᠢ ᠦᠨᠡᠨᠬᠦ ᠪᠠᠲᠤᠯᠠᠵᠤ᠂ ᠰᠠᠶᠢᠲᠤᠷ ᠬᠠᠮᠢᠶᠠᠷᠤᠨ᠂ ᠠᠰᠢᠭ | ᠬᠦᠷᠲᠡᠬᠦ ᠪᠣᠯᠭᠠᠬᠤ ᠬᠡᠷᠡᠭᠲᠡᠢ᠃ ᠰᠢᠩ ᠱᠦᠨ ᠰᠢ ᠪᠠᠯᠭᠠᠰᠤᠨ ᠤ ᠪᠣᠳᠠᠲᠠᠢ ᠲᠠᠢ ᠨᠢᠭᠲᠠ ᠤᠶᠠᠯᠳᠤᠭᠤᠯᠵᠤ᠂ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ ᠰᠠᠶᠢᠲᠤᠷ ᠬᠢᠵᠦ᠂ ᠠᠮᠢᠳᠤᠷᠠᠯ᠂ ᠲᠠᠷᠢᠶᠠᠯᠠᠩ᠂ ᠠᠵᠤ | ᠦᠢᠯᠡᠳᠪᠦᠷᠢ ᠶᠢᠨ ᠬᠡᠷᠡᠭᠯᠡᠬᠦ ᠤᠰᠤ ᠶᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠠᠮᠢᠳᠤᠷᠠᠯ ᠤᠨ ᠬᠡᠷᠡᠭᠯᠡᠬᠦ | ᠤᠰᠤᠨ ᠤ ᠤᠯᠠᠭᠠᠨ ᠱᠤᠭᠤᠮ ᠢ ᠴᠢᠩᠭ᠎ᠠ ᠰᠠᠬᠢᠵᠤ᠂ ᠤᠰᠤᠨ ᠤ ᠡᠬᠢ ᠪᠠᠶᠠᠯᠢᠭ ᠤᠨ ᠦᠷᠭᠦᠯᠵᠢᠯᠡᠬᠦ ᠬᠥᠭᠵᠢᠯᠲᠡ ᠶᠢ | ᠪᠠᠲᠤᠯᠠᠬᠤ ᠪᠣᠯᠣᠨ᠎ᠠ᠃ |