ᠵᠢᠨᠱᠠᠨ ᠪᠠᠯᠭᠠᠰᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠢ ᠬᠠᠮᠲᠤ ᠪᠠᠷ ᠨᠥᠬᠦᠪᠥᠷᠢᠯᠡᠬᠦ ᠲᠤᠷᠰᠢᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/29
    ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ 9 ᠰᠠᠷ᠎ᠠ ᠶᠢᠨ 19 ᠤ ᠡᠳᠦᠷ᠂ ᠵᠢᠨᠱᠠᠨ ᠪᠠᠯᠭᠠᠰᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠬᠠᠮᠲᠤ ᠶᠢᠨ ᠨᠥᠬᠦᠪᠥᠷᠢ ᠶᠢᠨ ᠲᠤᠷᠰᠢᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠠᠯᠭᠠᠰᠤ᠂ ᠲᠣᠰᠬᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃     ᠵᠢᠨᠱᠠᠨ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠳ᠋ᠤᠸᠠᠨ ᠰᠢᠶᠣᠤ ᠪᠢᠨ ᠳᠡᠳ᠋ ᠡᠷᠬᠢᠯᠡᠭᠴᠢ ᠣᠯᠠᠨ ᠳᠤ ︽ᠭᠦᠶᠡᠩ ᠰᠢᠶᠠᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠬᠠᠮᠲᠤ ᠶᠢᠨ ᠨᠥᠬᠦᠪᠥᠷᠢ ᠶᠢᠨ ᠲᠤᠷᠰᠢᠯᠲᠠ ᠶᠢᠨ ᠴᠡᠭ ᠤᠨ ᠠᠵᠢᠯ ᠤᠨ ᠬᠡᠷᠡᠭᠵᠢᠭᠦᠯᠬᠦ ᠲᠥᠰᠦᠯ︾ ᠢ ᠨᠠᠷᠢᠨ ᠲᠠᠶᠢᠯᠪᠤᠷᠢᠯᠠᠵᠤ᠂ ᠬᠠᠮᠲᠤ ᠶᠢᠨ ᠨᠥᠬᠦᠪᠥᠷᠢ ᠶᠢᠨ ᠠᠵᠢᠯ ᠤᠨ ᠮᠡᠳᠡᠭᠦᠯᠬᠦ ᠴᠢᠬᠤᠯᠠ ᠨᠥᠬᠦᠴᠡᠯ ᠪᠠ ᠶᠠᠪᠤᠴᠠ ᠶᠢ ᠲᠠᠶᠢᠯᠪᠤᠷᠢᠯᠠᠪᠠ᠃ ᠲᠤᠷᠰᠢᠯᠲᠠ ᠶᠢᠨ ᠴᠡᠭ ᠤᠨ ᠠᠵᠢᠯ ᠤᠨ ᠲᠣᠭᠤᠷᠢᠨ ᠳᠤ᠂ ᠣᠯᠠᠨ ᠤ ᠣᠶᠤᠨ ᠤᠬᠠᠭᠠᠨ ᠢ ᠲᠥᠪᠯᠡᠷᠡᠭᠦᠯᠦᠨ᠂ ᠡᠯ᠎ᠡ ᠲᠣᠰᠬᠤᠨ ᠤ ᠨᠠᠮ ᠤᠨ ᠬᠤᠷᠢᠶ᠎ᠠ ᠲᠠᠢ ᠳᠠᠷᠠᠭᠠᠴᠢ ᠶᠢᠨ ᠠᠯᠬᠤᠮ ᠤᠨ ᠠᠵᠢᠯ ᠤᠨ ᠪᠣᠳᠠᠲᠠᠢ ᠴᠢᠭᠯᠡᠯ᠂ ᠰᠡᠳᠬᠢᠴᠡ ᠪᠠ ᠠᠷᠭ᠎ᠠ ᠬᠡᠮᠵᠢᠶ᠎ᠡ ᠶᠢ ᠶᠠᠷᠢᠯᠴᠠᠪᠠ᠃     ᠬᠤᠷᠠᠯ ᠠᠴᠠ ᠴᠢᠬᠤᠯᠠᠴᠢᠯᠠᠭᠰᠠᠨ ᠨᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠬᠠᠮᠲᠤ ᠪᠠᠷ ᠨᠥᠬᠦᠪᠥᠷᠢ ᠥᠭᠬᠦ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠳᠤ᠂ ︽ᠲᠤᠷᠰᠢᠯᠲᠠ ᠬᠢᠬᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠠᠯᠬᠤᠮ ᠠᠯᠬᠤᠮ ᠢᠶᠠᠷ ᠳᠡᠯᠭᠡᠷᠡᠭᠦᠯᠬᠦ︾ ᠵᠠᠷᠴᠢᠮ ᠶᠣᠰᠣᠭᠠᠷ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠪᠡᠯᠡ ᠴᠤᠭᠯᠠᠭᠤᠯᠬᠤ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠬᠡᠵᠦ᠂ ᠠᠷᠠᠳ ᠣᠯᠠᠨ ᠤ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠬᠤ ᠡᠲᠡᠭᠡᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠢ  ᠭᠡᠪᠡ᠃     ᠳᠠᠷᠠᠭᠠᠴᠢ ᠶᠢᠨ ᠠᠯᠬᠤᠮ ᠳᠤ᠂ ᠵᠢᠨᠱᠠᠨ ᠪᠠᠯᠭᠠᠰᠤ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠬᠠᠮᠲᠤ ᠶᠢᠨ ᠨᠥᠬᠦᠪᠥᠷᠢ ᠶᠢ ᠨᠥᠬᠦᠴᠡᠯ ᠲᠠᠢ ᠲᠣᠰᠬᠤᠨ ᠤ ᠬᠠᠮᠲᠤ ᠨᠡᠶᠢᠲᠡ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠦᠨᠡᠨ ᠬᠦ ᠰᠠᠶᠢᠲᠤᠷ ᠬᠢᠬᠦ ᠪᠣᠯᠤᠨ᠎ᠠ᠃
 
ᠢᠷᠡᠯᠲᠡ᠄ ᠵᠢᠨᠱᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号