ᠬᠤᠸᠠᠢ ᠱᠦᠸᠧ ᠪᠠᠯᠭᠠᠰᠤ 1234+ N ᠬᠡᠯᠪᠡᠷᠢ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/29
    ᠭᠦᠶᠡᠩ ᠰᠢᠶᠠᠨ ᠤ ᠬᠤᠸᠠᠢ ᠱᠦᠸᠧ ᠪᠠᠯᠭᠠᠰᠤ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠴᠣᠭᠴᠠᠯᠠᠬᠤ︾ ᠠᠵᠢᠯᠯᠠᠭ᠎ᠠ ᠶᠢᠨ ᠰᠠᠷ᠎ᠠ ᠶᠢᠨ ᠭᠤᠣᠯ ᠰᠡᠳᠦᠪ ᠤᠨ ᠲᠣᠭᠤᠷᠢᠨ ᠳᠤ᠂ ︽1234+N︾ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃    ᠨᠢᠭᠡ ᠦᠯᠢᠭᠡᠷ ᠳᠠᠭᠤᠯᠠᠨ᠎ᠠ᠃ ᠤᠮᠠᠷᠠᠲᠤ ᠸᠧᠢ ᠤᠯᠤᠰ ᠤᠨ ᠡᠷᠲᠡᠨ ᠤ ᠪᠠᠯᠭᠠᠰᠤᠨ ᠤ ᠬᠤᠸᠠᠢ ᠱᠦᠸᠧ ᠡᠷᠲᠡᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠤᠬᠠᠭᠤᠯᠤᠨ ᠲᠠᠶᠢᠯᠪᠤᠷᠢᠯᠠᠬᠤ ᠬᠤᠷᠠᠯ ᠢ ᠥᠷᠨᠢᠭᠦᠯᠵᠦ᠂ ᠨᠡᠶᠢᠲᠡ 347 ᠬᠥᠮᠦᠨ ᠤᠳᠠᠭ᠎ᠠ ᠬᠠᠮᠤᠷᠴᠤ᠂ ᠪᠦᠬᠦ ᠪᠠᠯᠭᠠᠰᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠦᠨᠳᠦᠰᠦᠲᠡᠨ ᠤ ᠰᠣᠶᠣᠯ ᠤᠨ ᠷᠢᠳᠢ ᠰᠢᠳᠢ ᠶᠢ ᠮᠡᠳᠡᠷᠡᠭᠦᠯᠵᠦ᠂ ᠳᠣᠲᠣᠭᠠᠳᠤ ᠰᠡᠳᠬᠢᠯ ᠤᠨ ᠭᠦᠨ ᠳᠤ ᠳᠤᠮᠳᠠᠳᠤ ᠶᠢᠨ ᠦᠨᠳᠦᠰᠦᠲᠡᠨ ᠤ ᠲᠤᠬᠠᠢ ᠬᠠᠶᠢᠷ᠎ᠠ ᠪᠠ ᠣᠮᠣᠭᠰᠢᠯ ᠢ ᠬᠥᠭᠵᠢᠭᠡᠪᠡ᠃    ᠬᠤᠶᠠᠷ ᠪᠠᠬᠢᠯᠡᠯᠲᠡ ᠶᠢ ᠲᠤᠪᠤᠶᠢᠯᠭᠠᠬᠤ᠃ ᠬᠤᠸᠠᠢ ᠱᠦᠸᠧ ᠰᠢᠨ᠎ᠡ ᠲᠣᠰᠬᠤᠨ᠂ ᠪᠠᠢ ᠯᠢᠩ ᠨᠠᠭᠤᠷ ᠲᠣᠰᠬᠤᠨ ᠵᠡᠷᠭᠡ 11 ᠲᠣᠰᠬᠤᠨ ᠤ ᠠᠷᠠᠳ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠰᠢᠩ ᠱᠧᠩ ᠬᠥᠩ ᠲᠣᠰᠬᠤᠨ ᠤ ᠰᠣᠶᠣᠯ ᠵᠢᠭᠤᠯᠴᠢᠯᠠᠯ ᠤᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠪᠣᠯᠤᠨ ᠶᠠᠩ ᠸᠠᠨ ᠤ ᠬᠤᠪᠢᠰᠬᠠᠯ ᠤᠨ ᠵᠠᠮ ᠤᠨ ᠤᠷᠲᠤ ᠬᠤᠩᠭᠢᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠭᠰᠠᠭᠠᠯ ᠤᠨ ᠭᠠᠵᠠᠷ ᠲᠤ ᠲᠣᠭᠤᠷᠢᠨ ᠦᠵᠡᠭᠦᠯᠵᠦ᠂ ᠲᠣᠰᠬᠤᠨ ᠤ ᠠᠷᠠᠳ ᠲᠤ ᠥᠨᠥᠳᠦᠷ ᠤᠨ ᠵᠣᠯ ᠵᠢᠷᠭᠠᠯᠲᠤ ᠠᠮᠢᠳᠤᠷᠠᠯ ᠬᠢᠯᠪᠠᠷ ᠪᠤᠰᠤ ᠪᠠᠷ ᠢᠷᠡᠭᠰᠡᠨ ᠭᠡᠳᠡᠭ ᠢ ᠨᠡᠩ ᠭᠦᠨᠵᠡᠭᠡᠢ ᠲᠠᠨᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠶᠢ ᠤᠯᠠᠮ ᠴᠢᠨᠠᠭᠰᠢᠳᠠ ᠴᠢᠩᠭᠠᠳᠬᠠᠬᠤ ᠬᠡᠷᠡᠭᠲᠡᠢ᠃    ᠭᠤᠷᠪᠠᠨ ᠬᠡᠰᠡᠭ ᠤᠨ ᠰᠤᠷᠤᠯᠴᠠᠯᠭ᠎ᠠ ᠶᠢ ᠠᠬᠢᠭᠤᠯᠬᠤ᠃ ᠪᠠᠶᠢᠭᠤᠯᠭ᠎ᠠ ᠶᠢᠨ ᠺᠠᠳ᠋ᠷ᠂ ᠪᠦᠬᠦ ᠨᠠᠮ ᠤᠨ ᠭᠡᠰᠢᠭᠦᠨ ᠵᠢᠴᠢ ᠲᠣᠰᠬᠤᠨ ᠤ ᠬᠤᠶᠠᠷ ᠵᠥᠪᠯᠡᠯ ᠤᠨ ᠤᠳᠤᠷᠢᠳᠬᠤ ᠪᠠᠭ ᠤᠨ ᠰᠤᠷᠤᠯᠴᠠᠬᠤ ᠬᠡᠯᠪᠡᠷᠢ ᠶᠢ ᠪᠠᠶᠠᠯᠢᠭᠵᠢᠭᠤᠯᠵᠤ᠂ ᠠᠷᠪᠠ ᠭᠠᠷᠤᠢ ᠤᠳᠠᠭ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠲᠥᠪᠯᠡᠷᠡᠩᠭᠦᠢ ᠰᠤᠷᠤᠯᠴᠠᠯᠭ᠎ᠠ ᠶᠢ ᠥᠷᠨᠢᠭᠦᠯᠬᠦ ᠪᠠᠷ ᠳᠠᠮᠵᠢᠭᠤᠯᠵᠤ᠂ ᠡᠯ᠎ᠡ ᠨᠠᠮ ᠤᠨ ᠭᠡᠰᠢᠭᠦᠨ ᠺᠠᠳ᠋ᠷ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠣᠨᠣᠯ ᠲᠥᠷᠥ ᠶᠢᠨ ᠪᠣᠳᠣᠯᠭ᠎ᠠ ᠶᠢᠨ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠪᠡ᠃    ᠳᠥᠷᠪᠡᠨ ᠵᠦᠢᠯ ᠤᠨ ᠤᠬᠠᠭᠤᠯᠭ᠎ᠠ ᠬᠢᠪᠡ᠃ ᠪᠦᠬᠦ ᠪᠠᠯᠭᠠᠰᠤ᠂ ᠡᠯ᠎ᠡ ᠲᠣᠰᠬᠤᠨ ᠤ ᠠᠵᠢᠯᠯᠠᠬᠤ ᠣᠷᠣᠨ ᠪᠦᠰᠡ ᠶᠢᠨ LED ᠳᠡᠯᠭᠡᠴᠡ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠵᠠᠷᠯᠠᠯ᠂ ᠡᠯᠭᠦᠭᠡ ᠪᠢᠴᠢᠭᠡᠰᠦ ᠶᠢ ᠨᠠᠭᠠᠵᠤ᠂ ᠡᠳᠦᠷ ᠪᠦᠷᠢ ᠰᠦᠯᠵᠢᠶᠡᠨ ᠳᠣᠲᠣᠷᠠᠬᠢ ᠷᠠᠳᠢᠣ᠋ ᠨᠡᠪᠲᠡᠷᠡᠭᠦᠯᠭᠡ ᠪᠠᠷ ᠭᠤᠷᠪᠠ ᠤᠳᠠᠭ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠨᠡᠪᠲᠡᠷᠡᠭᠦᠯᠵᠦ᠂ ᠸᠢᠴᠠᠲ ᠤᠨ ᠨᠡᠶᠢᠲᠡ ᠶᠢᠨ ᠳ᠋ᠤᠭᠠᠷ᠂ ᠬᠠᠷᠠᠭᠠᠨ ᠳᠠᠪᠲᠠᠮᠵᠢ ᠶᠢᠨ ᠳ᠋ᠤᠭᠠᠷ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠳᠤ ᠦᠨᠳᠦᠰᠦᠲᠡᠨ ᠤ ᠪᠦᠯᠬᠦᠮᠳᠡᠯ ᠤᠨ ᠲᠤᠬᠠᠢ ᠭᠤᠶᠢᠳᠠ ᠰᠠᠶᠢᠬᠠᠨ ᠵᠢᠷᠤᠭ ᠪᠢᠴᠢᠭ᠂ ᠰᠡᠳᠬᠢᠯ ᠬᠥᠳᠡᠯᠭᠡᠮ᠎ᠡ ᠸᠢᠳᠢᠣ᠋ ᠶᠢ 180 ᠭᠠᠷᠤᠢ ᠤᠳᠠᠭ᠎ᠠ ᠳᠠᠮᠵᠢᠭᠤᠯᠤᠨ ᠲᠠᠷᠬᠠᠭᠠᠵᠤ᠂ ᠪᠦᠬᠦ ᠪᠠᠯᠭᠠᠰᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠥᠩᠭᠡ ᠪᠤᠳᠤᠭ ᠠᠴᠠ ᠦᠨᠳᠦᠰᠦᠲᠡᠨ ᠤ ᠪᠦᠯᠬᠦᠮᠳᠡᠯ ᠢ ᠮᠡᠳᠡᠷᠡᠭᠦᠯᠵᠦ᠂ ᠳᠠᠭᠤᠨ ᠠᠴᠠ ᠦᠨᠳᠦᠰᠦᠲᠡᠨ ᠤ ᠷᠢᠳᠢ ᠰᠢᠳᠢ ᠶᠢ ᠣᠶᠢᠯᠠᠭᠠᠵᠤ᠂ ᠰᠦᠯᠵᠢᠶᠡᠨ ᠳᠡᠭᠡᠷ᠎ᠡ ᠶᠠᠷᠢᠯᠴᠠᠭ᠎ᠠ ᠪᠠ ᠬᠠᠮᠲᠤ ᠶᠢᠨ ᠲᠤᠰᠬᠠᠯ ᠭᠠᠷᠭᠠᠵᠤ᠂ ᠦᠨᠳᠦᠰᠦᠲᠡᠨ ᠤ ᠪᠦᠯᠬᠦᠮᠳᠡᠯ ᠤᠨ ᠣᠨᠣᠯᠵᠢᠬᠤᠨ ᠢ ᠥᠨᠴᠥᠭ ᠪᠤᠯᠤᠩ ᠨᠢᠭᠡᠪᠦᠷᠢ ᠳᠤ ᠳᠠᠮᠵᠢᠭᠤᠯᠪᠠ᠃    ᠣᠯᠠᠨ ᠤᠳᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠃ ︽ᠦᠨᠳᠦᠰᠦᠲᠡᠨ ᠨᠦᠭᠦᠳ ᠬᠠᠮᠲᠤ ᠪᠠᠷ ᠬᠥᠳᠡᠯᠭᠡᠭᠡᠨ ᠬᠢᠵᠦ᠂ ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠦᠨ ᠮᠡᠲᠦ ᠳᠣᠲᠣᠨᠣ︾ ᠪᠠᠶᠢᠬᠤ ᠪᠠᠷ ᠭᠤᠣᠯ ᠰᠡᠳᠦᠪ ᠪᠣᠯᠭᠠᠭᠰᠠᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠪᠦᠬᠦ ᠪᠠᠯᠭᠠᠰᠤᠨ ᠤ ᠪᠠᠶᠢᠭᠤᠯᠭ᠎ᠠ ᠶᠢᠨ ᠺᠠᠳ᠋ᠷᠴᠤᠳ ᠲᠠᠮᠢᠷ ᠤᠨ ᠤᠷᠤᠯᠳᠤᠭᠠᠨ ᠤ ᠳᠤᠮᠳᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠶᠢ ᠢᠳᠡᠪᠬᠢᠲᠡᠢ ᠵᠠᠪᠳᠤᠨ ᠬᠠᠷᠢᠭᠤᠯᠵᠤ᠂ ᠣᠯᠠᠨ ᠢᠶᠠᠷ ᠢᠶᠠᠨ ᠬᠠᠯᠠᠭᠤᠨ ᠢᠶᠠᠷ ᠵᠠᠪᠳᠤᠨ ᠬᠠᠷᠢᠭᠤᠯᠬᠤ ᠳᠤᠮᠳᠠ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ︾ ᠪᠠᠶᠢᠬᠤ ᠣᠶᠢᠯᠠᠭᠠᠭᠳᠠᠬᠤᠨ ᠢ ᠪᠣᠢ ᠪᠣᠯᠭᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠨᠡᠶᠢᠭᠡᠮ ᠤᠨ ᠲᠣᠭᠲᠠᠭᠤᠨ ᠪᠠᠶᠢᠳᠠᠯ ᠪᠠ ᠡᠶ᠎ᠡ ᠵᠣᠬᠢᠴᠠᠯ ᠢ ᠬᠠᠮᠠᠭᠠᠯᠠᠪᠠ᠃
 
ᠢᠷᠡᠯᠲᠡ᠄ ᠬᠤᠸᠠᠢ ᠱᠦᠸᠧ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号