ᠪᠥᠬᠦ ᠰᠢᠶᠠᠨ ᠤ ᠺᠠᠳ᠋ᠷ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ | ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠮᠠᠨ ᠤ ᠰᠢᠶᠠᠨ ᠰᠠᠯᠠᠭᠠᠨ ᠤ ᠳᠡᠰ ᠤᠨ ᠺᠠᠳ᠋ᠷ ᠤᠨ ᠦᠵᠡᠯ | ᠤᠬᠠᠮᠰᠠᠷ ᠤᠨ ᠬᠡᠯᠪᠡᠷᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠵᠦ᠂ ᠪᠥᠬᠦ ᠰᠢᠶᠠᠨ ᠤ | 62 ᠨᠢᠭᠡᠴᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠯᠤᠨ 9 | ᠰᠤᠷᠭᠠᠭᠤᠯᠢ ᠶᠢᠨ ᠬᠠᠷᠢᠭᠤᠴᠠᠯᠭᠠᠲᠠᠨ ᠣᠷᠣᠯᠴᠠᠪᠠ᠃ ᠪᠣᠯᠪᠠᠰᠤᠷᠠᠭᠤᠯᠤᠯ ᠨᠢ ᠣᠳᠣᠬᠠᠨ ᠤ ᠦᠵᠡᠯ ᠤᠬᠠᠮᠰᠠᠷ ᠤᠨ | ᠬᠡᠯᠪᠡᠷᠢ ᠶᠢᠨ ᠬᠦᠷᠢᠶᠡᠨ ᠳᠠᠬᠢ ᠬᠠᠯᠠᠮᠰᠢᠯ ᠠᠰᠠᠭᠤᠳᠠᠯ᠂ ᠠᠶᠤᠯ ᠲᠦᠭ᠍ᠰᠢᠭᠦᠷᠢᠲᠡᠢ | ᠥᠷᠢᠰᠥᠯᠳᠦᠭᠡᠨ᠂ ᠰᠣᠨᠢᠨ ᠮᠡᠳᠡᠭᠡ ᠨᠡᠶᠢᠲᠡᠯᠡᠬᠦ ᠵᠢᠴᠢ ᠠᠷᠭᠠᠴᠠᠬᠤ ᠠᠷᠭ᠎ᠠ ᠪᠣᠳᠣᠯᠭ᠎ᠠ ᠵᠡᠷᠭᠡ ᠶᠢᠨ ᠲᠣᠭᠤᠷᠢᠨ ᠳᠤ | ᠭᠦᠨᠵᠡᠭᠡᠢ ᠲᠠᠶᠢᠯᠤᠮᠵᠢ ᠬᠢᠵᠦ᠂ ᠬᠡᠷᠡᠭ ᠤᠨ ᠵᠢᠱᠢᠶ᠎ᠡ ᠶᠢ ᠵᠠᠳᠠᠯᠬᠤ ᠪᠠ ᠪᠣᠳᠠᠲᠤ ᠪᠠᠶᠢᠯᠳᠤᠭᠠᠨ ᠤ ᠰᠣᠷᠢᠯᠲᠠ ᠶᠢᠨ | ᠠᠷᠭ᠎ᠠ ᠮᠠᠶ᠋ᠢᠭ ᠢᠶᠠᠷ ᠭᠡᠨᠡᠳᠲᠡ ᠶᠢᠨ ᠬᠡᠷᠡᠭ ᠢ ᠵᠢᠷᠤᠭᠯᠠᠨ ᠲᠥᠯᠥᠪᠯᠡᠵᠦ ᠰᠣᠨᠢᠨ ᠮᠡᠳᠡᠭᠡᠨ ᠤ ᠪᠠᠴᠢᠮ ᠪᠠᠶᠢᠳᠠᠯ ᠢ | ᠠᠷᠭᠠᠴᠠᠬᠤ ᠨᠡᠶᠢᠲᠡᠯᠡᠬᠦ ᠰᠣᠷᠢᠯᠲᠠ ᠶᠢ ᠥᠷᠨᠢᠭᠦᠯᠪᠡ᠃ ᠰᠣᠷᠢᠯᠲᠠ ᠳᠠᠭᠤᠰᠤᠭᠰᠠᠨ ᠤ ᠳᠠᠷᠠᠭ᠎ᠠ᠂ ᠬᠢᠴᠢᠶᠡᠯᠯᠡᠬᠦ | ᠪᠠᠭᠰᠢ ᠨᠠᠷ ᠦᠨᠡᠯᠡᠯᠲᠡ ᠬᠢᠭᠰᠡᠨ ᠪᠥᠭᠡᠳ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠡᠭᠦᠰᠦᠭᠰᠡᠨ | ᠬᠥᠭᠵᠢᠯᠲᠡ ᠶᠢᠨ ᠵᠢᠮ᠎ᠡ ᠶᠣᠰᠣ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ ᠦᠭᠡ ᠶᠠᠷᠢᠶ᠎ᠠ᠂ ᠵᠠᠷᠯᠠᠨ | ᠮᠡᠳᠡᠭᠳᠡᠬᠦ ᠵᠢᠷᠤᠮᠵᠢᠯ᠂ ᠬᠠᠷᠢᠭᠤ ᠥᠭᠬᠦ ᠤᠷ᠎ᠠ ᠮᠡᠷᠭᠡᠵᠢᠯ ᠵᠡᠷᠭᠡ ᠶᠢ ᠬᠤᠪᠢᠶᠠᠯᠴᠠᠪᠠ᠃ | ᠪᠣᠯᠪᠠᠰᠤᠷᠠᠯ ᠳᠤ ᠣᠷᠣᠯᠴᠠᠭᠰᠠᠳ᠂ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠬᠤ᠂ ᠪᠣᠯᠪᠠᠰᠤᠷᠠᠯ ᠢᠶᠠᠷ | ᠰᠤᠷᠤᠯᠴᠠᠯᠭ᠎ᠠ ᠶᠢ ᠠᠬᠢᠭᠤᠯᠬᠤ᠂ ᠰᠤᠷᠬᠤ ᠪᠠᠷ ᠬᠡᠷᠡᠭᠯᠡᠬᠦ ᠶᠢ ᠠᠬᠢᠭᠤᠯᠬᠤ ᠠᠷᠭ᠎ᠠ ᠬᠡᠯᠪᠡᠷᠢ ᠪᠠᠷ ᠣᠯᠠᠨ ᠤ ᠶᠠᠷᠢᠶ᠎ᠠ | ᠬᠡᠯᠡᠯᠴᠡᠭᠡᠨ ᠤ ᠪᠠᠶᠢᠳᠠᠯ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠶᠠᠷᠢᠶ᠎ᠠ ᠬᠡᠯᠡᠯᠴᠡᠭᠡᠨ ᠤ ᠪᠠᠶᠢᠳᠠᠯ ᠵᠢᠴᠢ ᠭᠠᠳᠠᠭᠠᠳᠤ ᠳᠤ ᠬᠠᠨᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ | ᠴᠢᠳᠠᠪᠤᠷᠢ ᠶᠢ ᠴᠢᠩᠭᠠᠳᠬᠠᠪᠠ᠃ |