ᠭᠦᠶᠡᠩ ᠰᠢᠶᠠᠨ ᠰᠠᠯᠠᠭᠠᠨ ᠳᠡᠰ ᠤᠨ ᠺᠠᠳ᠋ᠷ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/9/29
    ᠰᠢ ᠶᠢᠨ ᠫᠢᠩ ᠶᠡᠷᠦᠩᠬᠡᠢ ᠱᠦᠵᠢ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠥᠬᠦ ᠰᠢᠶᠠᠨ ᠤ ᠦᠵᠡᠯ ᠤᠬᠠᠮᠰᠠᠷ ᠤᠨ ᠬᠡᠯᠪᠡᠷᠢ ᠶᠢᠨ ᠡᠯ᠎ᠡ ᠵᠦᠢᠯ ᠤᠨ ᠠᠵᠢᠯ ᠢ ᠬᠦᠴᠦᠲᠡᠢ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 19 ᠤ ᠡᠳᠦᠷ ᠠᠴᠠ 20 ᠤ ᠡᠳᠦᠷ ᠪᠣᠯᠲᠠᠯ᠎ᠠ᠂ ᠭᠦᠶᠡᠩ ᠰᠢᠶᠠᠨ ᠬᠤᠶᠠᠷ ᠡᠳᠦᠷ ᠤᠨ ᠬᠤᠭᠤᠴᠠᠭ᠎ᠠ ᠲᠠᠢ ᠰᠠᠯᠠᠭᠠᠨ ᠳᠡᠰ ᠤᠨ ᠺᠠᠳ᠋ᠷ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠪᠡ᠃ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠦᠵᠡᠯ ᠤᠬᠠᠮᠰᠠᠷ ᠤᠨ ᠬᠡᠯᠪᠡᠷᠢ ︵ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ︶ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠰᠣᠨᠢᠨ ᠮᠡᠳᠡᠭᠡᠨ ᠤ ᠥᠭᠦᠯᠡᠭᠴᠢ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠠᠷᠢᠭᠤᠴᠠᠯᠭᠠᠲᠠᠨ ᠪᠣᠯᠪᠠᠰᠤᠷᠠᠯ ᠳᠤ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠤᠤ ᠯᠧᠢ ᠰᠤᠷᠤᠯᠭ᠎ᠠ ᠡᠬᠢᠯᠡᠬᠦ ᠶᠣᠰᠣᠯᠠᠯ ᠢ ᠡᠷᠬᠢᠯᠡᠪᠡ᠃     ᠲᠤᠰ ᠤᠳᠠᠭᠠᠨ ᠤ ᠪᠣᠯᠪᠠᠰᠤᠷᠠᠯ ᠳᠤ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠬᠠᠤᠯᠢ ᠶᠢᠨ ᠤᠬᠠᠭᠠᠨ ᠤ ᠵᠢᠭᠠᠨ ᠰᠤᠳᠤᠯᠬᠤ ᠬᠡᠯᠲᠡᠰ ᠤᠨ ᠳᠡᠳ᠋ ᠡᠷᠬᠢᠯᠡᠭᠴᠢ᠂ ᠫᠷᠤᠹᠧᠰᠰᠤᠷ ᠰᠠᠷᠠᠨ᠎ᠠ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠭᠦᠨ ᠤᠬᠠᠭᠠᠨ ᠨᠡᠶᠢᠭᠡᠮ ᠤᠨ ᠤᠬᠠᠭᠠᠨ ᠤ ᠵᠢᠭᠠᠨ ᠰᠤᠳᠤᠯᠬᠤ ᠲᠠᠰᠤᠭ ᠤᠨ ᠡᠷᠬᠢᠯᠡᠭᠴᠢ᠂ ᠳᠡᠳ᠋ ᠫᠷᠤᠹᠧᠰᠰᠤᠷ ᠼᠦᠢ ᠰᠢᠶᠣᠤ ᠬᠤᠶ ᠶᠢ ᠤᠷᠢᠵᠤ ᠲᠤᠰ ᠲᠤᠰ ︽ᠬᠠᠮ ᠵᠠᠭᠤᠴᠢᠯᠠᠭᠤᠷ ᠤᠨ ᠣᠷᠴᠢᠨ ᠲᠣᠭᠤᠷᠢᠨ ᠳᠤ ᠶᠠᠷᠢᠶ᠎ᠠ ᠬᠡᠯᠡᠯᠴᠡᠭᠡᠨ ᠤ ᠵᠢᠯᠣᠭᠤᠳᠣᠯᠭ᠎ᠠ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠴᠢᠳᠠᠪᠤᠷᠢ ᠪᠠᠨ ᠬᠡᠷᠬᠢᠨ ᠳᠡᠭᠡᠭᠰᠢᠯᠡᠭᠦᠯᠬᠦ ᠪᠣᠶ︾ ︽ᠬᠦᠨᠳᠦ ᠶᠡᠭᠡ ᠭᠡᠨᠡᠳᠲᠡ ᠶᠢᠨ ᠶᠠᠷᠢᠶ᠎ᠠ ᠬᠡᠯᠡᠯᠴᠡᠭᠡᠨ ᠤ ᠬᠡᠷᠡᠭ ᠤᠨ ᠠᠷᠭᠠᠴᠠᠭᠠᠨ ᠰᠢᠢᠳᠪᠦᠷᠢᠯᠡᠬᠦ ᠴᠢᠳᠠᠪᠤᠷᠢ︾᠂ ︽ᠮᠠᠷᠺᠰ ᠤᠨ ᠦᠵᠡᠯ ᠤᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠵᠢᠯᠣᠭᠤᠳᠬᠤ ᠪᠠᠶᠢᠷᠢ ᠰᠠᠭᠤᠷᠢ ᠶᠢ ᠪᠠᠷᠢᠮᠲᠠᠯᠠᠵᠤ ᠰᠢᠨ᠎ᠡ ᠴᠠᠭ ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠬᠦ︾ ᠶᠢᠨ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠬᠢᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ ᠰᠣᠷᠢᠯᠲᠠ ᠬᠢᠪᠡ᠃     ᠲᠤᠰᠬᠠᠢ ᠰᠡᠳᠦᠪᠲᠦ ᠲᠠᠶᠢᠯᠤᠮᠵᠢ᠂ ᠠᠬᠤᠢ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ ᠂ ᠰᠤᠷᠤᠭᠴᠢᠳ ᠨᠠᠷᠢᠨ ᠬᠢᠨᠠᠮᠠᠭᠠᠢ ᠰᠣᠨᠣᠰᠴᠤ᠂ ᠢᠳᠡᠪᠬᠢᠲᠡᠢ ᠪᠠᠷ ᠬᠥᠳᠡᠯᠦᠯᠴᠡᠨ᠂ ᠬᠠᠨᠳᠤᠯᠭᠠᠲᠤ ᠴᠢᠨᠠᠷ ᠢᠶᠠᠷ ᠴᠢᠩᠭ᠎ᠠ᠂ ᠪᠣᠳᠠᠲᠠᠢ ᠲᠠᠢ ᠨᠢᠭᠲᠠ ᠤᠶᠠᠯᠳᠤᠵᠤ ᠪᠠᠶᠢᠨ᠎ᠠ ᠭᠡᠵᠦ ᠢᠯᠡᠳᠬᠡᠵᠡᠭᠡᠪᠡ᠃     ᠳᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠪᠣᠯᠪᠠᠰᠤᠷᠠᠯ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ ᠪᠣᠳᠠᠲᠤ ᠪᠠᠶᠢᠯᠳᠤᠭᠠᠨ ᠤ ᠰᠣᠷᠢᠯᠲᠠ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠱᠠᠲᠤᠨ ᠤ ᠺᠠᠳ᠋ᠷᠴᠤᠳ ᠤᠨ ᠰᠦᠯᠵᠢᠶᠡᠨ ᠤ ᠬᠡᠷᠡᠭᠯᠡᠯᠲᠡ ᠶᠢ ᠮᠡᠳᠡᠬᠦ ᠬᠢᠷᠢ ᠲᠦᠪᠰᠢᠨ ᠪᠣᠯᠤᠨ ᠰᠣᠨᠢᠨ ᠮᠡᠳᠡᠭᠡ ᠨᠡᠶᠢᠲᠡᠯᠡᠬᠦ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠦᠶᠡᠩ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠪᠣᠯᠤᠨ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠴᠢᠳᠠᠯ ᠬᠠᠩᠭᠠᠨ᠎ᠠ᠃
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号