ᠭᠦᠶᠡᠩ ᠰᠢᠶᠠᠨ᠂ ᠲᠥᠮᠥᠰᠥ ᠶᠢᠨ ᠡᠯᠪᠡᠭ ᠬᠤᠷᠢᠶᠠᠯᠲᠠ ᠣᠯᠪᠠ
ᠨᠡᠶᠢᠲᠡᠯᠡᠭᠰᠡᠨ ᠴᠠᠭ᠄
2024/9/29
    ᠣᠳᠣᠬᠠᠨ ᠳᠤ᠂ ᠭᠦᠶᠡᠩ ᠰᠢᠶᠠᠨ ᠤ ᠡᠯ᠎ᠡ ᠭᠠᠵᠠᠷ ᠤᠨ ᠪᠤᠭᠤᠳᠠᠢ᠂ ᠲᠥᠮᠥᠰᠥ ᠵᠡᠷᠭᠡ ᠲᠠᠷᠢᠮᠠᠯ ᠵᠠᠯᠭᠠᠭ᠎ᠠ ᠪᠠᠷ ᠬᠤᠷᠢᠶᠠᠯᠲᠠ ᠶᠢᠨ ᠬᠤᠭᠤᠴᠠᠭᠠᠨ ᠳᠤ ᠣᠷᠣᠵᠤ᠂ ᠲᠠᠷᠢᠶᠠᠴᠢᠳ ᠲᠤᠩᠭᠠᠯᠠᠭ ᠰᠠᠶᠢᠬᠠᠨ ᠠᠭᠤᠷ ᠠᠮᠢᠰᠬᠤᠯ ᠢ ᠵᠠᠪᠳᠤᠨ ᠠᠳᠬᠤᠵᠤ᠂ ᠮᠠᠰᠢᠨ ᠢ ᠵᠣᠬᠢᠶᠠᠨ ᠪᠠᠶᠢᠭᠤᠯᠤᠨ ᠱᠠᠯᠠᠪᠳᠠᠨ ᠬᠤᠷᠢᠶᠠᠵᠤ ᠪᠠᠶᠢᠨ᠎ᠠ᠃     ᠲᠥᠮᠥᠰᠥ ᠡᠯᠪᠡᠭ ᠬᠤᠷᠢᠶᠠᠬᠤ     9 ᠰᠠᠷ᠎ᠠ ᠶᠢᠨ 20 ᠤ ᠡᠳᠦᠷ᠂ ᠭᠦᠶᠡᠩ ᠰᠢᠶᠠᠨ ᠤ ᠵᠢᠨᠱᠠᠨ ᠪᠠᠯᠭᠠᠰᠤᠨ ᠤ ᠹᠧᠩ ᠸᠠᠨ ᠲᠣᠰᠬᠤᠨ ᠳᠤ᠂ ᠲᠠᠷᠢᠮᠠᠯ ᠤᠨ ᠲᠣᠮᠣ ᠡᠷᠦᠬᠡ ᠮᠧᠩ ᠶᠥᠩ ᠯᠢ ᠶᠢᠨ ᠲᠥᠮᠥᠰᠥ ᠴᠦ ᠬᠤᠷᠢᠶᠠᠯᠲᠠ ᠶᠢᠨ ᠬᠤᠭᠤᠴᠠᠭ᠎ᠠ ᠶᠢ ᠤᠭᠲᠤᠨ ᠠᠪᠴᠢᠷᠠᠪᠠ᠃ ᠣᠶᠢᠷ᠎ᠠ ᠳᠤ᠂ ᠹᠧᠩ ᠸᠠᠨ ᠲᠣᠰᠬᠤᠨ ᠤ ᠲᠠᠷᠢᠶᠠᠨ ᠭᠠᠵᠠᠷ ᠤᠨ ᠠᠯᠲᠠᠨ ᠰᠢᠷ᠎ᠠ᠂ ᠲᠠᠷᠢᠮᠠᠯ ᠤᠨ ᠲᠣᠮᠣ ᠡᠷᠦᠬᠡ ᠲᠠᠷᠢᠶᠠᠨ ᠭᠠᠵᠠᠷ ᠲᠤ ᠮᠠᠰᠢᠨ ᠬᠦᠩᠭᠢᠨᠡᠵᠦ᠂ ᠲᠠᠷᠢᠶᠠᠯᠠᠩ ᠤᠨ ᠮᠠᠰᠢᠨ ᠨᠡᠭᠡᠭᠡᠭᠳᠡᠵᠦ᠂ ᠨᠢᠭᠡᠨ ᠪᠥᠭᠡᠷᠡᠩᠬᠡᠢ ᠲᠥᠮᠥᠰᠥ ᠲᠠᠷᠢᠶᠠᠨ ᠭᠠᠵᠠᠷ ᠠᠴᠠ ᠤᠷᠪᠠᠵᠤ᠂ ᠠᠯᠲᠠᠨ ᠰᠢᠷᠭᠠᠯ ᠲᠥᠮᠥᠰᠥ ᠶᠢ ᠠᠳᠠᠯᠢ ᠪᠤᠰᠤ ᠪᠡᠶ᠎ᠡ ᠪᠢᠯᠳᠠᠷ᠂ ᠡᠭᠦᠯᠳᠡᠷ᠂ ᠲᠥᠷᠥᠯ ᠢᠯᠭᠠᠯ ᠢᠶᠠᠷ ᠲᠡᠭᠰᠢ ᠲᠠᠯᠪᠢᠪᠠ᠃ ᠲᠥᠮᠥᠰᠥ ᠤᠬᠤᠵᠤ᠂ ᠲᠥᠮᠥᠰᠥ ᠤᠭᠤᠲᠠᠯᠠᠵᠤ᠂ ᠲᠥᠮᠥᠰᠥ ᠬᠤᠳᠠᠯᠳᠤᠵᠤ᠂ ᠣᠯᠠᠨ ᠢᠶᠠᠷ ᠢᠶᠠᠨ ᠬᠥᠭᠡᠷᠦᠯᠳᠦᠨ ᠨᠠᠷᠭᠢᠵᠤ᠂ ᠲᠡᠭᠦᠵᠦ ᠠᠪᠤᠭᠰᠠᠨ ᠲᠡᠷᠭᠡ᠂ ᠲᠡᠭᠡᠭᠡᠵᠦ ᠶᠠᠪᠤᠬᠤ ᠲᠡᠷᠭᠡ᠂ ᠲᠠᠷᠢᠶᠠᠨ ᠭᠠᠵᠠᠷ ᠬᠥᠷ ᠬᠥᠭᠵᠢᠶᠡᠨᠲᠡᠢ ᠪᠠᠶᠢᠳᠠᠯ ᠢᠯᠡᠷᠡᠪᠡ᠃     ᠲᠠᠷᠢᠮᠠᠯ ᠤᠨ ᠲᠣᠮᠣ ᠡᠷᠦᠬᠡ ᠵᠠᠪᠳᠤᠨ ᠲᠥᠮᠥᠰᠥ ᠬᠤᠷᠢᠶᠠᠬᠤ     ᠡᠨᠡ ᠵᠢᠯ ᠨᠡᠶᠢᠲᠡ 300 ᠮᠦ ᠲᠥᠮᠥᠰᠥ ᠲᠠᠷᠢᠵᠠᠢ᠃ ᠵᠢᠨᠱᠠᠨ ᠪᠠᠯᠭᠠᠰᠤᠨ ᠤ ᠹᠧᠩ ᠸᠠᠨ ᠶᠡᠭᠡ ᠠᠩᠭᠢ ᠶᠢᠨ ᠰᠢ ᠰᠢᠶᠣᠤ ᠯᠢᠦ ᠹᠧᠨ ᠲᠣᠰᠬᠤᠨ ᠤ ᠲᠠᠷᠢᠮᠠᠯ ᠤᠨ ᠲᠣᠮᠣ ᠡᠷᠦᠬᠡ ᠮᠧᠩ ᠶᠥᠩ ᠯᠢ ᠰᠤᠷᠪᠤᠯᠵᠢᠯᠠᠭᠴᠢ ᠳᠤ ᠬᠡᠯᠡᠬᠦ ᠳᠡᠭᠡᠨ᠂ ᠰᠠᠶᠢᠨ ᠰᠠᠶᠢᠬᠠᠨ ᠲᠠᠷᠢᠶᠠᠨ ᠭᠠᠵᠠᠷ ᠤᠨ ᠬᠠᠮᠢᠶᠠᠷᠤᠯᠲᠠ ᠪᠠᠷ ᠳᠠᠮᠵᠢᠨ᠂ ᠡᠨᠡ ᠵᠢᠯ ᠤᠨ ᠲᠥᠮᠥᠰᠥ ᠶᠢᠨ ᠮᠦ ᠪᠦᠷᠢ ᠶᠢᠨ ᠤᠨᠠᠯᠲᠠ 5 ᠲᠣᠨ ᠣᠷᠴᠢᠮ ᠬᠦᠷᠴᠦ᠂ ᠲᠥᠮᠥᠰᠥ ᠶᠢᠨ ᠶᠠᠰᠤ ᠴᠢᠨᠠᠷ ᠪᠠ ᠤᠨᠠᠯᠲᠠ ᠴᠥᠮ ᠥᠩᠭᠡᠷᠡᠭᠰᠡᠨ ᠵᠢᠯ ᠤᠳ ᠠᠴᠠ ᠪᠠᠭ᠎ᠠ ᠪᠤᠰᠤ ᠳᠡᠭᠡᠭᠰᠢᠯᠡᠯᠲᠡ ᠲᠠᠢ ᠪᠣᠯᠵᠠᠢ᠃ ᠠᠯᠲᠠᠨ ᠰᠢᠷᠭᠠᠯ ᠲᠥᠮᠥᠰᠥ ᠶᠢ ᠬᠠᠷᠠᠭᠠᠳ᠂ ᠭᠦᠶᠡᠩ ᠰᠢᠶᠠᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠠᠵᠢᠯᠲᠠᠨ ᠬᠤᠤ ᠵᠢᠶᠦ᠋ᠨ ᠮᠣᠤ ᠶᠢᠨ ᠴᠢᠷᠠᠢ ᠳᠤ ᠵᠣᠯ ᠵᠢᠷᠭᠠᠯ ᠳᠦᠭᠦᠷᠡᠩ ᠪᠠᠶᠢᠯ᠎ᠠ᠃ ᠬᠤᠤ ᠵᠢᠶᠦ᠋ᠨ ᠮᠣᠤ ᠢᠯᠡᠷᠬᠡᠶᠢᠯᠡᠬᠦ ᠳᠡᠭᠡᠨ᠂ ᠭᠦᠶᠡᠩ ᠰᠢᠶᠠᠨ ᠥᠷᠭᠡᠨ ᠳᠠᠷᠢᠬᠤ ᠭᠤᠤ ᠪᠦᠷᠬᠦᠪᠴᠢ᠂ ᠡᠷᠳᠡᠨᠢ ᠰᠢᠰᠢ ᠶᠢ ᠨᠢᠭᠲᠠ ᠲᠠᠷᠢᠬᠤ ᠵᠡᠷᠭᠡ ᠮᠡᠷᠭᠡᠵᠢᠯ ᠢ ᠦᠷᠭᠦᠯᠵᠢᠯᠡᠨ ᠳᠡᠯᠭᠡᠷᠡᠭᠦᠯᠵᠦ᠂ ᠲᠠᠷᠢᠶᠠᠨ ᠭᠠᠵᠠᠷ ᠤᠨ ᠠᠰᠢᠭᠯᠠᠯᠲᠠ ᠶᠢᠨ ᠨᠣᠷᠮ᠎ᠠ᠂ ᠠᠮᠤ ᠪᠤᠳᠠᠭᠠᠨ ᠤ ᠲᠠᠷᠢᠮᠠᠯ ᠤᠨ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠨᠠᠮᠤᠷ ᠤᠨ ᠬᠤᠷᠢᠶᠠᠯᠲᠠ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ ᠭᠡᠵᠡᠢ᠃     ᠲᠠᠷᠢᠶᠠᠨ ᠳᠡᠭᠡᠷ᠎ᠡ ᠬᠥᠷ ᠬᠥᠭᠵᠢᠶᠡᠨ ᠲᠠᠢ ᠪᠠᠶᠢᠳᠠᠯ ᠪᠢᠯᠬᠠᠨ᠎ᠠ     ᠭᠦᠶᠡᠩ ᠰᠢᠶᠠᠨ ︽ᠠᠮᠤ ᠪᠤᠳᠠᠭ᠎ᠠ ᠶᠢ ᠭᠠᠵᠠᠷ ᠰᠢᠷᠣᠢ ᠳᠤ ᠬᠠᠳᠠᠭᠠᠯᠠᠬᠤ᠂ ᠠᠮᠤ ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ︾ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠪᠣᠯᠤᠨ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠡᠨᠡ ᠵᠢᠯ ᠤᠨ ᠠᠮᠤ ᠪᠤᠳᠠᠭ᠎ᠠ ᠲᠠᠷᠢᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠪᠡ᠃ ᠭᠦᠶᠡᠩ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᠼᠠᠢ ᠰᠢᠶᠠ ᠶᠢᠨ ᠲᠠᠨᠢᠯᠴᠠᠭᠤᠯᠤᠭᠰᠠᠨ ᠢᠶᠠᠷ᠂ 2024 ᠣᠨ ᠳᠤ᠂ ᠭᠦᠶᠡᠩ ᠰᠢᠶᠠᠨ ᠤ ᠲᠠᠷᠢᠮᠠᠯ ᠤᠨ ᠲᠠᠷᠢᠬᠤ ᠲᠠᠯᠠᠪᠠᠢ 160.2 ᠲᠦᠮᠡᠨ ᠮᠦ ᠪᠠᠶᠢᠵᠤ᠂ ᠡᠭᠦᠨ ᠳᠤ ᠠᠮᠤ ᠪᠤᠳᠠᠭ᠎ᠠ 84.7 ᠲᠦᠮᠡᠨ ᠮᠦ᠂ ᠪᠤᠭᠤᠳᠠᠢ ᠲᠠᠷᠢᠬᠤ ᠲᠠᠯᠠᠪᠠᠢ 6.34 ᠲᠦᠮᠡᠨ ᠮᠦ᠂ ᠡᠷᠳᠡᠨᠢ ᠰᠢᠰᠢ ᠲᠠᠷᠢᠬᠤ ᠲᠠᠯᠠᠪᠠᠢ 30.68 ᠲᠦᠮᠡᠨ ᠮᠦ᠂ ᠲᠥᠮᠥᠰᠥ ᠲᠠᠷᠢᠬᠤ ᠲᠠᠯᠠᠪᠠᠢ 5.38 ᠲᠦᠮᠡᠨ ᠮᠦ᠂ ᠰᠠᠭᠠᠭ ᠤᠨ ᠲᠠᠷᠢᠬᠤ ᠲᠠᠯᠠᠪᠠᠢ 30.09 ᠲᠦᠮᠡᠨ ᠮᠦ ᠪᠠᠶᠢᠨ᠎ᠠ᠃ ᠡᠳᠡᠭᠡᠷ ᠲᠠᠷᠢᠶᠠᠯᠠᠩ ᠤᠨ ︽ᠵᠢᠵᠢᠭ ᠣᠨᠴᠠᠯᠢᠭ︾ ᠢᠶᠠᠷ ᠳᠠᠮᠵᠢᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠲᠤᠮᠦ ᠠᠵᠤ ᠦᠢᠯᠡᠰ︾ ᠤᠨ ᠬᠥᠭᠵᠢᠯᠲᠡ ᠶᠢ ᠳᠠᠶᠢᠴᠢᠯᠠᠵᠤ᠂ ᠣᠨᠴᠠᠯᠢᠭᠲᠤ ᠠᠵᠤ ᠦᠢᠯᠡᠰ ᠢ ᠭᠦᠶᠡᠩ ᠰᠢᠶᠠᠨ ᠤ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠨᠢᠭᠡᠨ ᠦᠵᠡᠰᠬᠦᠯᠡᠩᠲᠦ ᠰᠠᠶᠢᠬᠠᠨ ᠨᠡᠷ᠎ᠡ ᠶᠢᠨ ᠬᠠᠭᠤᠳᠠᠰᠤ ᠪᠣᠯᠭᠠᠬᠤ ᠪᠠᠷ ᠴᠢᠷᠮᠠᠶᠢᠨ᠎ᠠ᠃
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号