ᠭᠦᠶᠡᠩ ᠰᠢᠶᠠᠨ᠄ ︽ᠬᠤᠨᠴᠢᠷ ᠤᠨ ᠪᠠᠶᠠᠨ ᠲᠠᠷᠢᠶᠠᠴᠢᠳ︾ ᠤᠨ ᠰᠠᠶᠢᠨ ᠵᠣᠷ
ᠨᠡᠶᠢᠲᠡᠯᠡᠭᠰᠡᠨ ᠴᠠᠭ᠄
2024/9/29
    ᠬᠤᠨᠴᠢᠷ ᠲᠠᠷᠢᠬᠤ ᠵᠢᠱᠢᠶ᠎ᠡ ᠦᠵᠡᠭᠦᠯᠬᠦ ᠣᠷᠣᠨ ᠤ ᠲᠥᠷᠥᠯ ᠵᠦᠢᠯ ︽ᠬᠤᠨᠴᠢᠷ ᠲᠠᠷᠢᠬᠤ ᠲᠠᠯ᠎ᠠ ᠪᠠᠷ ᠪᠢ ᠨᠢᠭᠡᠨᠲᠡ 20 ᠭᠠᠷᠤᠢ ᠵᠢᠯ ᠤᠨ ᠲᠤᠷᠰᠢᠯᠭ᠎ᠠ ᠲᠠᠢ ᠪᠣᠯᠵᠠᠢ᠃ ᠡᠨᠡ ᠵᠢᠯ ᠮᠠᠨ ᠤ ᠬᠤᠷᠰᠢᠶ᠎ᠠ 1200 ᠮᠥ ᠣᠷᠭᠠᠨᠢᠭ ᠬᠤᠨᠴᠢᠷ ᠳᠠᠷᠢᠵᠤ᠂ ᠤᠷᠭᠤᠴᠠ ᠨᠢ ᠬᠥᠮᠦᠨ ᠢ ᠪᠠᠶᠠᠰᠬᠠᠵᠤ᠂ 200 ᠭᠠᠷᠤᠢ ᠲᠦᠮᠡᠨ ᠲᠥᠭᠦᠷᠢᠭ ᠤᠨ ᠣᠷᠣᠯᠭ᠎ᠠ ᠣᠯᠬᠤ ᠪᠣᠯᠤᠮᠵᠢ ᠲᠠᠢ ᠪᠠᠶᠢᠨ᠎ᠠ︾ ᠭᠡᠵᠡᠢ᠃    9 ᠰᠠᠷ᠎ᠠ ᠶᠢᠨ 24 ᠤ ᠡᠳᠦᠷ᠂ ᠪᠤᠭᠤᠲᠤ ᠬᠤᠲᠠ ᠶᠢᠨ ᠷᠦᠨ ᡁᠢ ᠹᠧᠩ ᠴᠠᠨ ᠲᠠᠷᠢᠶᠠᠴᠢᠨ ᠤ ᠲᠤᠰᠬᠠᠢ ᠬᠤᠷᠰᠢᠶᠠᠵᠢᠯ ᠤᠨ ᠬᠠᠷᠢᠭᠤᠴᠠᠯᠭᠠᠲᠠᠨ ᠭᠤᠣ ᠷᠦᠨ ᠼᠠᠢ ᠰᠣᠷᠪᠣᠯᠵᠢᠯᠠᠭᠴᠢᠳ ᠲᠠᠢ ᠠᠭᠤᠯᠵᠠᠬᠤ ᠳᠠᠭᠠᠨ ᠪᠠᠶᠠᠷ ᠪᠠᠶᠠᠰᠤᠯ ᠲᠠᠢ ᠪᠠᠶᠢᠯ᠎ᠠ᠃ ᠲᠤᠰ ᠬᠤᠷᠰᠢᠶ᠎ᠠ ᠨᠢ ᠭᠦᠶᠡᠩ ᠰᠢᠶᠠᠨ ᠤ ᠵᠢᠨᠱᠠᠨ ᠪᠠᠯᠭᠠᠰᠤᠨ ᠤ ᠡᠯ ᠱᠧ ᠲᠣᠰᠬᠤᠨ ᠳᠤ ᠪᠠᠶᠢᠷᠢᠯᠠᠵᠤ᠂ ᠭᠦᠶᠡᠩ ᠰᠢᠶᠠᠨ ᠤ ᠬᠤᠨᠴᠢᠷ ᠲᠠᠷᠢᠵᠤ ᠤᠷᠭᠤᠭᠤᠯᠬᠤ ᠰᠢᠨ᠎ᠡ ᠮᠡᠷᠭᠡᠵᠢᠯ ᠤᠨ ᠴᠢᠬᠢ ᠪᠤᠶᠢᠵᠢᠭᠤᠯᠬᠤ ᠲᠣᠭᠤᠷᠢᠭ᠂ ᠬᠦᠨᠳᠦ ᠬᠤᠭᠤᠯᠠᠢ ᠶᠢ ᠡᠰᠡᠷᠭᠦᠴᠡᠬᠦ ᠮᠡᠷᠭᠡᠵᠢᠯ ᠤᠨ ᠪᠣᠭᠤᠮᠲᠠ ᠰᠢᠪᠲᠤᠯᠬᠤ ᠣᠷᠣᠨ᠂ ᠥᠨᠳᠥᠷ ᠤᠨᠠᠯᠲᠠ ᠲᠠᠢ ᠲᠠᠸᠠᠷ ᠤᠨ ᠴᠢᠷ ᠮᠡᠷᠭᠡᠵᠢᠯ ᠤᠨ ᠪᠣᠭᠤᠮᠲᠠ ᠰᠢᠪᠲᠤᠯᠬᠤ ᠵᠢᠱᠢᠶ᠎ᠡ ᠦᠵᠡᠭᠦᠯᠬᠦ ᠣᠷᠣᠨ ᠤ ᠶᠡᠷᠦᠩᠬᠡᠶᠢᠯᠡᠭᠰᠡᠨ ᠴᠣᠭᠴᠠ ᠪᠣᠯᠤᠨ᠎ᠠ᠃ ᠵᠢᠯᠣᠭᠤᠴᠢ ᠦᠭᠡᠢ ᠲᠠᠷᠢᠬᠤ ᠮᠡᠷᠭᠡᠵᠢᠯ ᠢ ᠬᠡᠷᠡᠭᠯᠡᠬᠦ ᠪᠠᠷ ᠳᠠᠮᠵᠢᠭᠤᠯᠤᠨ᠂ ᠥᠨᠳᠥᠷ ᠪᠦᠲᠦᠮᠵᠢᠲᠡᠢ ᠤᠰᠤ ᠠᠷᠪᠢᠯᠠᠵᠤ ᠪᠣᠷᠳᠣᠭᠤᠷ ᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠲᠤᠷᠰᠢᠯᠲᠠ ᠶᠢ ᠥᠷᠨᠢᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠭᠦᠶᠡᠩ ᠰᠢᠶᠠᠨ ᠤ ᠬᠤᠨᠴᠢᠷ ᠦᠷ᠎ᠡ ᠶᠢᠨ ᠴᠢᠬᠢ᠂ ᠴᠢᠨᠠᠷ ᠰᠠᠶᠢᠲᠠᠢ ᠥᠨᠳᠥᠷ ᠤᠨᠠᠯᠲᠠ ᠲᠠᠢ ᠰᠢᠨ᠎ᠡ ᠵᠠᠮ ᠢ ᠲᠠᠰᠤᠷᠠᠯᠲᠠ ᠥᠬᠡᠶ ᠬᠠᠶᠢᠨ ᠰᠦᠪᠡᠭᠴᠢᠯᠡᠪᠡ᠃ ᠬᠤᠨᠴᠢᠷ ᠲᠠᠷᠢᠵᠤ ᠪᠤᠶᠢᠵᠢᠭᠤᠯᠬᠤ ᠰᠢᠨ᠎ᠡ ᠮᠡᠷᠭᠡᠵᠢᠯ ᠨᠢ ᠴᠢᠬᠢ ᠪᠤᠶᠢᠵᠢᠭᠤᠯᠬᠤ ᠣᠷᠣᠨ ᠤ ᠭᠦᠶᠡᠩ ᠤᠨ ᠬᠤᠨᠴᠢᠷ ᠲᠠᠷᠢᠬᠤ ᠲᠠᠯᠠᠪᠠᠢ ᠨᠢ ᠨᠢᠭᠡᠨᠲᠡ 60 ᠭᠠᠷᠤᠢ ᠵᠢᠯ ᠤᠨ ᠲᠡᠦᠬᠡ ᠲᠠᠢ᠂ ᠲᠠᠷᠢᠮᠠᠯ ᠤᠨ ᠲᠠᠯᠠᠪᠠᠢ ᠨᠢ ᠪᠦᠬᠦ ᠤᠯᠤᠰ ᠤᠨ 20% ᠳᠤ ᠬᠦᠷᠴᠦ᠂ ᠠᠳᠡᠬᠢ ᠬᠤᠨᠴᠢᠷ ᠨᠢ ᠠᠮᠲᠠᠲᠤ ᠰᠢᠬᠢᠷ᠂ ᠰᠢᠬᠢᠷ᠂ ᠹᠧᠨᠲ᠋ᠢᠶᠣᠤᠷ᠂ ᠴᠢᠨᠠᠷ ᠴᠢᠨᠰᠠᠭ᠎ᠠ ᠨᠢ ᠰᠠᠶᠢᠨ ᠵᠡᠷᠭᠡ ᠣᠨᠴᠠᠯᠢᠭ ᠲᠠᠢ ᠪᠠᠶᠢᠵᠤ᠂ ᠭᠦᠶᠡᠩ ᠪᠠᠰᠠ ︽ᠳᠤᠮᠳᠠᠳᠤ ᠤᠯᠤᠰ ᠤᠨ ᠭᠦᠶᠡᠩ · ᠠᠰ ᠬᠤᠶᠢᠲᠤ ᠬᠤᠨᠴᠢᠷ ᠤᠨ ᠨᠤᠲᠤᠭ︾ ᠭᠡᠬᠦ ᠰᠠᠶᠢᠬᠠᠨ ᠠᠯᠳᠠᠷ ᠢ ᠬᠦᠷᠲᠡᠭᠰᠡᠨ ᠪᠠᠶᠢᠨ᠎ᠠ᠃    ᠣᠶᠢᠷ᠎ᠠ ᠶᠢᠨ ᠵᠢᠯ ᠳᠤ᠂ ᠭᠦᠶᠡᠩ ᠰᠢᠶᠠᠨ ᠲᠤᠰ ᠪᠡᠶ᠎ᠡ ᠶᠢᠨ ᠡᠬᠢ ᠪᠠᠶᠠᠯᠢᠭ ᠤᠨ ᠪᠠᠶᠢᠳᠠᠯ ᠳᠠᠭᠠᠨ ᠰᠠᠭᠤᠷᠢᠯᠠᠨ᠂ ︽ᠲᠠᠶᠢᠯᠬᠤ ᠰᠡᠳᠬᠢᠴᠡ ᠲᠠᠢ︾᠂ ᠲᠠᠷᠢᠶᠠᠯᠠᠩ ᠤᠨ ᠬᠥᠭᠵᠢᠯᠲᠡ ᠶᠢ ᠪᠠᠷᠢᠮᠲᠠᠯᠠᠵᠤ᠂ ᠳᠦᠷᠢᠮᠵᠢᠭᠦᠯᠦᠨ ᠲᠠᠷᠢᠬᠤ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠠᠵᠤ ᠦᠢᠯᠡᠰᠵᠢᠭᠦᠯᠦᠨ ᠡᠵᠡᠩᠨᠡᠬᠦ ᠪᠠᠷ ᠳᠠᠮᠵᠢᠭᠤᠯᠤᠨ᠂ ᠲᠠᠷᠢᠬᠤ᠂ ᠦᠢᠯᠡᠳᠪᠦᠷᠢᠯᠡᠬᠦ᠂ ᠰᠤᠳᠤᠯᠤᠨ ᠨᠡᠭᠡᠭᠡᠬᠦ᠂ ᠪᠣᠷᠣᠯᠠᠭᠤᠯᠬᠤ ᠵᠡᠷᠭᠡ ᠶᠢ ᠨᠢᠭᠡ ᠴᠣᠭᠴᠠᠵᠢᠭᠤᠯᠤᠭᠰᠠᠨ ᠬᠤᠨᠴᠢᠷ ᠪᠦᠬᠦ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ︽ᠨᠢᠭᠡ ᠬᠤᠨᠴᠢᠷ ᠤᠨ ᠪᠠᠶᠠᠨ ᠲᠠᠷᠢᠶᠠᠴᠢᠨ︾ ᠤ ᠰᠢᠨ᠎ᠡ ᠬᠥᠭᠵᠢᠯᠲᠡ ᠶᠢᠨ ᠵᠠᠮ ᠢ ᠨᠡᠭᠡᠭᠡᠪᠡ᠃ 2023 ᠣᠨ ᠳᠤ᠂ ᠭᠦᠶᠡᠩ ᠬᠤᠨᠴᠢᠷ ᠢ ᠤᠯᠤᠰ ᠤᠨ ︽ᠡᠮᠲᠦ ᠢᠳᠡᠭᠡᠨ ᠤ ᠠᠳᠠᠯᠢ ᠢᠷᠡᠯᠲᠡ︾ ᠶᠢᠨ ᠭᠠᠷᠴᠠᠭ ᠲᠤ ᠣᠷᠣᠭᠤᠯᠵᠤ᠂ ᠶᠠᠩ ᠽᠢ ᠵᠢᠶᠠᠩ ᠡᠮ ᠤᠨ ᠦᠢᠯᠡᠰ᠂ ᠵᠢᠶᠦ᠋ᠨ ᠺᠠᠩ ᠵᠡᠷᠭᠡ 27 ᠨᠠᠷᠢᠯᠢᠭ ᠪᠣᠯᠪᠠᠰᠤᠷᠠᠭᠤᠯᠬᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠬᠤᠨᠴᠢᠷ ᠤᠨ ᠡᠮ᠂ ᠠᠷᠢᠬᠢᠨ ᠤ ᠵᠦᠢᠯ᠂ ᠵᠠᠰᠠᠯ ᠴᠢᠮᠡᠭ ᠤᠨ ᠡᠳ᠋᠂ ᠢᠳᠡᠭᠡᠨ᠂ ᠴᠠᠢ᠂ ᠡᠷᠡᠭᠦᠯᠵᠢᠯ ᠤᠨ ᠡᠳ᠋᠂ ᠦᠨᠦᠷᠲᠦ ᠡᠳ᠋ ᠵᠡᠷᠭᠡ 7 ᠰᠢᠷᠢᠰ ᠵᠠᠭᠤ ᠭᠠᠷᠤᠢ ᠵᠦᠢᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠪᠡ᠃ ᠪᠥᠬᠦ ᠰᠢᠶᠠᠨ ᠤ ᠬᠤᠨᠴᠢᠷ ᠤᠨ ᠦᠢᠯᠡᠳᠬᠦᠨ ᠤ ᠥᠷᠲᠡᠭ ᠴᠦ ᠥᠩᠭᠡᠷᠡᠭᠰᠡᠨ ᠵᠢᠯ ᠤᠳ ᠲᠤ 2 ᠳ᠋ᠦᠩᠰᠢᠭᠤᠷ ᠲᠥᠭᠦᠷᠢᠭ ᠲᠤ ᠬᠦᠷᠴᠦ᠂ 2023 ᠣᠨ ᠳᠤ 6 ᠳ᠋ᠦᠩᠰᠢᠭᠤᠷ ᠲᠥᠭᠦᠷᠢᠭ ᠲᠤ ᠬᠦᠷᠴᠦ᠂ 2024 ᠣᠨ ᠳᠤ 10 ᠳ᠋ᠦᠩᠰᠢᠭᠤᠷ ᠲᠥᠭᠦᠷᠢᠭ ᠢ ᠳᠠᠪᠠᠭ᠋ᠤ ᠪᠣᠯᠤᠮᠵᠢ ᠲᠠᠢ᠃ ᠣᠶᠢᠯᠠᠭᠠᠭᠰᠠᠨ ᠢᠶᠠᠷ᠂ ᠭᠦᠶᠡᠩ ᠣᠳᠣ 1700 ᠮᠦ ᠬᠡᠭᠡᠷ᠎ᠡ ᠶᠢᠨ ᠬᠤᠨᠴᠢᠷ ᠲᠠᠷᠢᠬᠤ ᠰᠠᠭᠤᠷᠢᠨ ᠭᠠᠵᠠᠷ᠂ 1540 ᠮᠦ ᠬᠡᠭᠡᠷ᠎ᠡ ᠶᠢᠨ ᠲᠠᠷᠢᠮᠠᠯ ᠤᠨ ᠰᠠᠭᠤᠷᠢᠨ ᠭᠠᠵᠠᠷ᠂ 7 ᠮᠢᠩᠭᠠᠨ ᠮᠦ ᠣᠷᠭᠠᠨᠢᠭ ᠪᠣᠬᠢᠷᠲᠤᠯ ᠦᠭᠡᠢ ᠪᠠᠷᠢᠮᠵᠢᠶᠠᠵᠢᠭᠤᠯᠤᠭᠰᠠᠨ ᠲᠠᠷᠢᠬᠤ ᠣᠷᠣᠨ ᠪᠠ 1 500 ᠮᠦ ᠦᠷ᠎ᠡ ᠴᠢᠬᠢ ᠶᠢ ᠪᠤᠶᠢᠵᠢᠭᠤᠯᠬᠤ ᠰᠠᠭᠤᠷᠢᠨ ᠭᠠᠵᠠᠷ ᠪᠠᠶᠢᠵᠤ᠂ ᠡᠷᠭᠢᠨ ᠲᠣᠭᠤᠷᠢᠨ ᠤ 20 ᠭᠠᠷᠤᠢ ᠲᠦᠮᠡᠨ ᠮᠦ ᠬᠤᠨᠴᠢᠷ ᠲᠠᠷᠢᠬᠤ ᠶᠢ ᠳᠠᠶᠢᠴᠢᠯᠠᠵᠤ ᠪᠠᠶᠢᠨ᠎ᠠ᠃ ᠬᠤᠨᠴᠢᠷ ᠲᠠᠷᠢᠬᠤ ᠨᠢ ᠨᠢᠭᠡᠨᠲᠡ ᠲᠤᠬᠠᠢ ᠶᠢᠨ ᠭᠠᠵᠠᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠲᠤᠯᠭᠠᠭᠤᠷᠢ ᠠᠵᠤ ᠦᠢᠯᠡᠰ ᠪᠣᠯᠵᠤ᠂ 1200 ᠭᠠᠷᠤᠢ ᠡᠷᠦᠬᠡ ᠬᠤᠷᠰᠢᠶ᠎ᠠ ᠪᠠ ᠲᠠᠷᠢᠶᠠᠴᠢᠨ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠪᠡ᠃ ᠬᠤᠨᠴᠢᠷ ᠤᠨ ᠤᠷᠭᠤᠴᠠ ᠨᠡᠯᠢᠶᠡᠳ ᠰᠠᠶᠢᠨ ᠪᠠᠶᠢᠬᠤ ᠨᠢ ᠲᠠᠨᠢᠯᠴᠠᠭᠤᠯᠤᠭᠰᠠᠨ ᠢᠶᠠᠷ᠂ ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠠᠵᠤ ᠠᠬᠤᠶᠢᠯᠠᠯ ᠤᠨ ᠨᠠᠷᠢᠯᠢᠭ ᠪᠣᠯᠪᠠᠰᠤᠷᠠᠭᠤᠯᠤᠯ ᠠᠴᠠ ᠭᠠᠳᠠᠨ᠎ᠠ᠂ ᠭᠦᠶᠡᠩ ᠤᠨ ᠬᠤᠨᠴᠢᠷ ︽ᠬᠤᠨᠴᠢᠷ︾ ᠨᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠲᠠᠢ ᠨᠢᠭᠲᠠ ᠬᠤᠯᠪᠣᠭ᠎ᠠ ᠲᠠᠢ ᠪᠠᠶᠢᠳᠠᠭ᠃    ᠭᠦᠶᠡᠩ ᠰᠢᠶᠠᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠭᠤᠮᠠᠯ ᠰᠤᠳᠤᠯᠬᠤ ᠭᠠᠵᠠᠷ᠂ ᠳᠤᠮᠳᠠᠳᠤ ᠤᠯᠤᠰ ᠤᠨ ᠬᠢᠲᠠᠳ ᠡᠮ ᠡᠮᠨᠡᠯᠭᠡ ᠶᠢᠨ ᠶᠡᠭᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠳᠡᠭᠡᠳᠦ ᠰᠤᠷᠭᠠᠭᠤᠯᠢ ᠲᠠᠢ ᠨᠡᠪᠲᠡᠷᠡᠯᠴᠡᠨ ᠵᠣᠯᠭᠠᠭᠤᠯᠬᠤ ᠶᠢ ᠢᠳᠡᠪᠬᠢᠲᠡᠢ ᠴᠢᠩᠭᠠᠳᠬᠠᠵᠤ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠲᠤᠷᠰᠢᠯᠲᠠ ᠶᠢᠨ ᠥᠷᠲᠡᠭᠡ ᠪᠠᠶᠢᠭᠤᠯᠵᠤ᠂ ᠬᠤᠨᠴᠢᠷ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠭᠠᠷ ᠤᠷᠠᠯᠠᠯ ᠢ ᠰᠤᠳᠤᠯᠤᠨ ᠨᠡᠭᠡᠭᠡᠵᠦ ᠬᠡᠷᠡᠭᠯᠡᠨ᠎ᠡ᠃ ᠥᠪᠡᠷᠲᠡᠭᠡᠨ ᠵᠠᠰᠠᠬᠤ ᠣᠷᠣᠨ ᠤ ᠳᠡᠰ ᠤᠨ ᠬᠥᠳᠡᠯᠮᠦᠷᠢ ᠦᠢᠯᠡᠴᠢᠯᠡᠭᠡᠨ ᠤ ᠨᠡᠷᠡᠲᠦ ᠲᠥᠷᠥᠯ ᠲᠡᠮᠳᠡᠭᠲᠦ ︽ᠭᠦᠶᠡᠩ ᠬᠤᠨᠴᠢᠷ ᠤᠨ ᠠᠵᠤ ᠦᠢᠯᠡᠰ ᠤᠨ ᠠᠵᠢᠯᠴᠢᠨ︾ ᠢ ᠭᠦᠨᠵᠡᠭᠡᠢ ᠪᠣᠢ ᠪᠣᠯᠭᠠᠵᠤ᠂ ᠬᠤᠨᠴᠢᠷ ᠰᠣᠩᠭᠤᠨ ᠪᠤᠶᠢᠵᠢᠭᠤᠯᠬᠤ ᠂ ᠲᠠᠷᠢᠬᠤ᠂ ᠡᠪᠡᠳᠴᠢᠨ ᠬᠤᠷᠣᠬᠠᠢ ᠶᠢᠨ ᠬᠥᠨᠥᠭᠡᠯ ᠢ ᠵᠠᠰᠠᠬᠤ ᠵᠡᠷᠭᠡ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 58 ᠬᠤᠭᠤᠴᠠᠭ᠎ᠠ ᠡᠷᠬᠢᠯᠡᠵᠦ᠂ ᠬᠤᠨᠴᠢᠷ ᠤᠨ ᠠᠵᠤ ᠦᠢᠯᠡᠰ ᠢ ᠬᠥᠭᠵᠢᠭᠦᠯᠬᠦ ᠬᠦᠰᠡᠯ ᠡᠷᠡᠮᠡᠯᠵᠡᠯ ᠲᠠᠢ ᠲᠠᠷᠢᠶᠠᠴᠢᠳ ᠲᠤ ᠣᠶᠤᠨ ᠤ ᠳᠡᠮᠵᠢᠯᠭᠡ ᠬᠠᠩᠭᠠᠵᠤ᠂ ᠬᠤᠨᠴᠢᠷ ᠡᠳ᠋ᠰᠢᠭᠦᠯᠬᠦ ᠠᠵᠤ ᠠᠬᠤᠶᠢᠯᠠᠯ ᠤᠨ ᠲᠤᠰᠬᠠᠢ ᠮᠡᠷᠭᠡᠵᠢᠯ ᠤᠨ 300 ᠭᠠᠷᠤᠢ ᠠᠵᠢᠯᠲᠠᠨ ᠢ ᠬᠥᠮᠦᠵᠢᠭᠦᠯᠪᠡ᠃ ᠦᠷ᠎ᠡ ᠦᠨᠳᠦᠰᠦ ᠰᠠᠶᠢᠲᠠᠢ ᠬᠤᠨᠴᠢᠷ ᠲᠠᠷᠢᠬᠤ ᠨᠢ ᠭᠦᠶᠡᠩ ᠤᠨ ᠬᠤᠨᠴᠢᠷ ᠨᠡᠷᠡᠲᠦ ᠲᠡᠮᠳᠡᠭᠲᠦ ᠤᠬᠠᠭᠤᠯᠭ᠎ᠠ ᠶᠢ ᠴᠢᠩᠭᠠᠳᠬᠠᠬᠤ ᠶᠢᠨ ᠲᠥᠯᠥᠭᠡ᠂ ᠭᠦᠶᠡᠩ ᠤᠨ ᠣᠯᠠᠨ ᠵᠦᠢᠯ ᠤᠨ ᠵᠠᠭᠪᠤᠷ ᠢᠶᠠᠷ ᠭᠦᠶᠡᠩ ᠤᠨ ᠬᠤᠨᠴᠢᠷ ᠢ ᠭᠢᠯᠠᠶᠢᠲᠠᠯ᠎ᠠ ᠠᠷᠴᠢᠬᠤ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠨ᠎ᠡ᠃    ᠡᠭᠦᠨ ᠤ ᠬᠠᠮᠲᠤ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠰᠦᠯᠵᠢᠶᠡᠨ ᠭᠠᠳᠠᠨ᠎ᠠ ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠨᠡᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠬᠤᠷᠠᠯ ᠵᠡᠷᠭᠡ ᠲᠠᠨᠢᠯᠴᠠᠭᠤᠯᠬᠤ ᠠᠵᠢᠯᠯᠠᠭ᠎ᠠ ᠳᠤ ᠣᠷᠣᠯᠴᠠᠭᠤᠯᠵᠤ ᠂ ᠰᠦᠯᠵᠢᠶᠡᠨ ᠳᠡᠭᠡᠷ᠎ᠡ ᠰᠦᠯᠵᠢᠶᠡᠨ ᠤ ᠣᠳᠣᠨ ᠪᠠᠷᠠᠭ᠎ᠠ ᠬᠤᠳᠠᠯᠳᠤᠬᠤ᠂  ᠡᠯᠧᠺᠲᠷᠣᠨ ᠬᠤᠳᠠᠯᠳᠤᠭᠠᠨ ᠤ ᠲᠠᠪᠴᠠᠩ᠂ ᠣᠬᠤᠷ ᠸᠢᠳᠢᠣ᠋ ᠪᠠᠷ ᠳᠡᠯᠭᠡᠷᠡᠭᠦᠯᠬᠦ ᠵᠡᠷᠭᠡ ︽ᠢᠨᠲ᠋ᠧᠷ ᠰᠦᠯᠵᠢᠶ᠎ᠡ +︾ ᠪᠣᠷᠣᠯᠠᠭᠤᠯᠬᠤ ᠵᠠᠭᠪᠤᠷ ᠢ ᠪᠠᠶᠢᠭᠤᠯᠵᠤ᠂ ᠬᠤᠨᠴᠢᠷ ᠡᠵᠡᠩᠨᠡᠨ ᠪᠣᠷᠣᠯᠠᠭᠤᠯᠬᠤ ᠶᠢ ᠳᠡᠯᠭᠡᠷᠡᠭᠦᠯᠬᠦ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠬᠡᠵᠦ ᠪᠠᠶᠢᠨ᠎ᠠ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号