ᠭᠦᠶᠡᠩ ᠰᠢᠶᠠᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠴᠢᠬᠤᠯᠠ ᠶᠡᠭᠡ ᠲᠥᠷᠥᠯ ᠵᠦᠢᠯ ᠢ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/9/29
     ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠢ ᠵᠣᠬᠢᠶᠠᠨ ᠪᠠᠶᠢᠭᠤᠯᠤᠨ ᠬᠥᠲᠥᠯᠥᠨ ᠵᠢᠯᠣᠭᠤᠳᠴᠤ ᠭᠦᠶᠡᠩ ᠰᠢᠶᠠᠨ ᠤ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠣᠶᠢᠯᠠᠭᠠᠭᠤᠯᠵᠤ᠂ ᠠᠬᠠᠮᠠᠳ ᠺᠠᠳ᠋ᠷᠴᠤᠳ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠴᠢᠳᠠᠪᠤᠷᠢᠲᠠᠨ ᠡᠯᠰᠡᠵᠦ ᠣᠶᠤᠨ ᠤᠬᠠᠭᠠᠨ ᠣᠷᠣᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤᠮᠳᠠᠬᠢ ᠥᠪᠡᠷᠮᠢᠴᠡ ᠳᠠᠪᠠᠭᠤᠯᠢᠭ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠬᠠᠮᠠᠳ ᠺᠠᠳ᠋ᠷᠴᠤᠳ ᠢ ᠤᠯᠤᠰ ᠲᠥᠷᠥ ᠶᠢᠨ ᠲᠠᠯ᠎ᠠ ᠪᠠᠷ ᠬᠦᠨᠳᠦᠳᠬᠡᠬᠦ ᠪᠠ ᠦᠵᠡᠯ ᠰᠠᠨᠠᠭᠠᠨ ᠤ ᠲᠠᠯ᠎ᠠ ᠪᠠᠷ ᠬᠠᠯᠠᠮᠵᠢᠯᠠᠵᠤ ᠪᠠᠶᠢᠬᠤ ᠶᠢ ᠬᠠᠷᠠᠭᠤᠯᠵᠤ ᠪᠠᠶᠢᠨ᠎ᠠ᠃ 9 ᠰᠠᠷ᠎ᠠ ᠶᠢᠨ 25  ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠤᠯ ᠤᠨ ᠰᠢᠶᠠᠨ ᠤ ᠱᠠᠲᠤᠨ ᠤ ᠠᠬᠠᠮᠠᠳ ᠤᠳᠤᠷᠢᠳᠤᠯᠭ᠎ᠠ᠂ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠳ᠋ᠦᠩ ᠹᠠᠩ ᠿᠢ ᠱᠧᠩ ᠤᠨ ᠪᠣᠬᠢᠷᠲᠤᠯ ᠦᠭᠡᠢ ᠴᠠᠬᠢᠭᠤᠷ ᠤᠨ ᠰᠠᠭᠤᠷᠢ ᠶᠢᠨ ᠲᠥᠷᠥᠯ ᠵᠦᠢᠯ ᠵᠡᠷᠭᠡ ᠭᠦᠶᠡᠩ ᠰᠢᠶᠠᠨ ᠤ 3 ᠴᠢᠬᠤᠯᠠ ᠶᠡᠭᠡ ᠲᠥᠷᠥᠯ ᠵᠦᠢᠯ ᠢ ᠲᠣᠭᠤᠷᠢᠨ ᠦᠵᠡᠪᠡ᠃     ᠠᠬᠠᠮᠠᠳ ᠺᠠᠳ᠋ᠷᠴᠤᠳ ᠤᠷᠢᠳ ᠬᠤᠵᠢᠳ ᠳ᠋ᠦᠩ ᠹᠠᠩ ᠿᠢ ᠱᠧᠩ ᠪᠣᠬᠢᠷᠲᠤᠯ ᠦᠭᠡᠢ ᠴᠠᠬᠢᠭᠤᠷ ᠤᠨ ᠰᠠᠭᠤᠷᠢ ᠲᠥᠷᠥᠯ ᠵᠦᠢᠯ᠂ ᠳ᠋ᠦᠩ ᠹᠠᠩ ᠰᠢ ᠸᠠᠩ ᠭᠦᠶᠡᠩ ᠬᠦᠷᠢᠶᠡᠯᠡᠩ ᠲᠣᠭᠤᠷᠢᠭ᠂ ᠬᠤᠩ ᠶᠤᠸᠠᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ︵ᠪᠤᠭᠤᠲᠤ︶ ᠣᠨ ᠬᠢᠵᠠᠭᠠᠷᠲᠤ ᠺᠣᠮᠫᠠᠨᠢ ᠳᠤ ᠬᠦᠷᠴᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠵᠤ᠂ ᠭᠦᠶᠡᠩ ᠰᠢᠶᠠᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠭᠦᠶᠡᠩ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠡᠦᠬᠡ ᠶᠢᠨ ᠤᠯᠠᠮᠵᠢᠯᠠᠯ ᠵᠡᠷᠭᠡ ᠲᠠᠯ᠎ᠠ ᠪᠠᠷ ᠣᠯᠤᠭᠰᠠᠨ ᠬᠠᠮᠤᠭ ᠤᠨ ᠰᠢᠨ᠎ᠡ ᠠᠮᠵᠢᠯᠲᠠ ᠶᠢ ᠥᠴᠦᠬᠡᠨ ᠴᠦ ᠣᠶᠢᠯᠠᠭᠠᠬᠤ ᠦᠭᠡᠢ ᠪᠠᠶᠢᠯ᠎ᠠ᠃ ᠠᠬᠠᠮᠠᠳ ᠺᠠᠳ᠋ᠷᠴᠤᠳ ᠢᠯᠡᠷᠬᠡᠶᠢᠯᠡᠬᠦ ᠳᠡᠭᠡᠨ᠂ ᠭᠦᠶᠡᠩ ᠰᠢᠶᠠᠨ ᠳᠤ ᠡᠳᠦᠷ ᠠᠴᠠ ᠡᠳᠦᠷ ᠰᠢᠨᠡᠳᠦᠨ ᠬᠤᠪᠢᠷᠠᠵᠤ ᠪᠠᠶᠢᠭ᠎ᠠ ᠬᠤᠪᠢᠷᠠᠯᠲᠠ ᠶᠢ ᠬᠠᠷᠠᠭᠠᠳ᠂ ᠭᠦᠶᠡᠩ ᠰᠢᠶᠠᠨ ᠤ ᠣᠶᠢᠷ᠎ᠠ ᠶᠢᠨ ᠵᠢᠯ ᠤᠨ ᠲᠤᠷᠰᠢᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠶᠢᠨ ᠬᠢᠨ ᠤ ᠣᠯᠤᠭᠰᠠᠨ ᠣᠮᠣᠭᠰᠢᠯᠲᠤ ᠠᠮᠵᠢᠯᠲᠠ ᠪᠦᠲᠦᠮᠵᠢ ᠪᠠ ᠪᠠᠶᠠᠷᠯᠠᠭᠤᠰᠢᠲᠠᠢ ᠦᠷ᠎ᠡ ᠪᠦᠲᠦᠭᠡᠯ ᠢ ᠦᠵᠡᠭᠡᠳ ᠮᠠᠰᠢ ᠶᠡᠭᠡ ᠪᠠᠶᠠᠷᠯᠠᠵᠤ ᠪᠠᠶᠢᠨ᠎ᠠ ᠭᠡᠵᠡᠢ᠃     ᠲᠣᠭᠤᠷᠢᠨ ᠦᠵᠡᠵᠦ ᠰᠢᠨᠵᠢᠯᠡᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠭᠦᠶᠡᠩ ᠰᠢᠶᠠᠨ ᠤ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠴᠢᠬᠤᠯᠠ ᠶᠡᠭᠡ ᠲᠥᠷᠥᠯ ᠵᠦᠢᠯ ᠤᠨ ᠰᠣᠯᠢᠯᠴᠠᠭ᠎ᠠ ᠶᠢ ᠰᠢᠨᠵᠢᠯᠡᠨ ᠪᠠᠶᠢᠴᠠᠭᠠᠬᠤ ᠶᠠᠷᠢᠯᠴᠠᠬᠤ ᠬᠤᠷᠠᠯ ᠢ ᠬᠤᠷᠠᠯᠳᠤᠭᠤᠯᠵᠤ᠂ ︽ᠭᠦᠶᠡᠩ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠮᠡᠳᠡᠭᠦᠯᠦᠯᠲᠡ︾  ᠶᠢ ᠰᠣᠨᠣᠰᠪᠠ᠃ ᠠᠬᠠᠮᠠᠳ ᠺᠠᠳ᠋ᠷᠴᠤᠳ ᠮᠡᠳᠡᠭᠦᠯᠦᠯᠲᠡ ᠶᠢ ᠰᠣᠨᠣᠰᠴᠤ ᠪᠠᠷᠠᠭᠰᠠᠨ ᠤ ᠳᠠᠷᠠᠭ᠎ᠠ᠂ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠤ᠂ ᠭᠦᠶᠡᠩ ᠰᠢᠶᠠᠨ ᠤ ᠣᠶᠢᠷ᠎ᠠ ᠶᠢᠨ ᠵᠢᠯ ᠤᠳ ᠲᠤ ᠴᠢᠬᠤᠯᠠ ᠶᠡᠭᠡ ᠬᠤᠪᠢᠷᠠᠯᠲᠠ ᠭᠠᠷᠴᠤ᠂ ᠭᠦᠶᠡᠩ ᠪᠦᠬᠦ ᠬᠤᠷᠳᠤᠴᠠ ᠪᠠᠷ ᠭᠦᠶᠦᠵᠦ᠂ ᠺᠠᠳ᠋ᠷ ᠣᠯᠠᠨ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠤᠯᠠᠨ ᠡᠰᠢᠵᠢᠨ ᠠᠭᠤᠰᠤᠯᠴᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠲᠦᠷᠭᠡᠨ ᠪᠦᠷᠢᠯᠳᠦᠬᠦ ᠶᠢ ᠣᠯᠠᠨ ᠢᠶᠠᠷ ᠢᠶᠠᠨ ᠰᠠᠨᠠᠯ ᠨᠢᠭᠡᠲᠡᠢ ᠦᠵᠡᠪᠡ᠃ ᠬᠥᠭᠵᠢᠯᠲᠡ ᠶᠢᠨ ᠳᠤᠮᠳᠠ ᠯᠠᠪᠳᠠᠭᠤᠨ ᠪᠠᠲᠤᠲᠠᠢ ᠤᠷᠤᠭᠰᠢᠯᠠᠵᠤ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠰᠡᠳᠬᠢᠴᠡ ᠤᠯᠠᠮ ᠠᠴᠠ ᠤᠯᠠᠮ ᠲᠣᠳᠣᠷᠬᠠᠢ ᠪᠣᠯᠵᠣ᠂ ᠠᠷᠭ᠎ᠠ ᠬᠡᠮᠵᠢᠶ᠎ᠡ ᠤᠯᠠᠮ ᠠᠴᠠ ᠤᠯᠠᠮ ᠲᠡᠭᠦᠯᠳᠡᠷᠵᠢᠵᠦ᠂ ᠦᠷ᠎ᠡ ᠪᠦᠲᠦᠮᠵᠢ ᠤᠯᠠᠮ ᠠᠴᠠ ᠤᠯᠠᠮ ᠢᠯᠡᠷᠬᠡᠢ ᠪᠣᠯᠵᠣ᠂ ᠵᠣᠷᠢᠭᠲᠠᠢ ᠪᠠᠷ ᠤᠷᠤᠭᠰᠢᠯᠠᠬᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠪᠡ᠃     ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠰᠢᠶᠠᠨ ᠤ ᠨᠠᠮ ᠤᠨ  ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠪᠥᠬᠦ ᠰᠢᠶᠠᠨ ᠤ ᠥᠷᠭᠡᠨ ᠣᠯᠠᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠲᠤ ᠰᠠᠨᠠᠭᠠᠴᠢᠯᠠᠭ᠎ᠠ ᠭᠠᠷᠭᠠᠵᠤ᠂ ᠠᠬᠠᠮᠠᠳ ᠺᠠᠳ᠋ᠷᠴᠤᠳ ᠢ ᠲᠠᠶᠢᠴᠢᠯᠠᠨ ᠢᠳᠡᠪᠬᠢᠲᠡᠢ ᠠᠵᠢᠯᠯᠠᠭᠤᠯᠵᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠳᠤ ᠬᠦᠴᠦᠨ ᠨᠡᠮᠡᠷᠢᠯᠡᠬᠦ᠂ ᠲᠥᠷᠥᠯ ᠵᠦᠢᠯ ᠤᠨ ᠪᠣᠭᠤᠮᠲᠠ ᠰᠢᠪᠲᠤᠯᠬᠤ ᠳᠤ ᠣᠷᠣᠯᠴᠠᠭᠴᠢ᠂ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠤᠬᠠᠭᠤᠯᠤᠭᠴᠢ᠂ ᠰᠠᠶᠢᠨ ᠰᠠᠶᠢᠬᠠᠨ ᠣᠷᠴᠢᠨ ᠲᠣᠭᠤᠷᠢᠨ ᠤ ᠬᠠᠮᠠᠭᠠᠯᠠᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠠᠬᠠᠮᠠᠳ ᠺᠠᠳ᠋ᠷᠴᠤᠳ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠴᠢᠳᠠᠪᠤᠷᠢᠲᠠᠨ ᠡᠯᠰᠡᠵᠦ ᠣᠶᠤᠨ ᠤᠬᠠᠭᠠᠨ ᠣᠷᠣᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤᠮᠳᠠᠬᠢ ᠥᠪᠡᠷᠮᠢᠴᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠬᠠᠮᠠᠳ ᠺᠠᠳ᠋ᠷᠴᠤᠳ ᠤᠨ ᠦᠯᠡᠳᠡᠪᠦᠷᠢ ᠢᠯᠴᠢ ᠪᠠᠨ ᠪᠠᠳᠠᠷᠠᠭᠤᠯᠬᠤ᠂ ᠭᠦᠶᠡᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠢᠳᠡᠪᠬᠢᠲᠡᠢ ᠳᠡᠮᠵᠢᠬᠦ ᠬᠠᠯᠠᠭᠤᠨ ᠰᠡᠳᠬᠢᠯᠭᠡ ᠶᠢ ᠬᠥᠭᠵᠢᠭᠡᠨ᠎ᠡ᠃
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号