ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢ ᠨᠠᠮ ᠤᠨ ᠬᠤᠷᠢᠳᠤᠭᠠᠷ | ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ | ᠪᠦᠭᠦᠳᠡ ᠬᠤᠷᠠᠯ ᠤᠨ ᠴᠢᠬᠤᠯᠠ ᠠᠴᠢ ᠬᠤᠯᠪᠣᠭᠳᠠᠯ ᠪᠣᠯᠤᠨ ᠪᠠᠶᠠᠯᠢᠭ ᠠᠭᠤᠯᠤᠭᠳᠠᠬᠤᠨ ᠢ ᠭᠦᠨᠵᠡᠭᠡᠢ ᠣᠶᠢᠯᠠᠭᠠᠪᠠ᠃ | ᠪᠦᠭᠦᠳᠡ ᠬᠤᠷᠠᠯ ᠳᠡᠭᠡᠷ᠎ᠡ᠂ ᠪᠢ ᠤᠯᠤᠰ ᠤᠨ ᠢᠷᠡᠭᠡᠳᠦᠢ ᠶᠢᠨ ᠬᠥᠭᠵᠢᠯᠲᠡ ᠶᠢᠨ ᠲᠤᠬᠠᠢ ᠲᠣᠳᠣᠷᠬᠠᠢ | ᠲᠥᠯᠥᠪᠵᠢᠭᠦᠯᠭᠡ ᠪᠠ ᠠᠯᠤᠰ ᠬᠡᠳᠦ ᠶᠢᠨ ᠪᠣᠳᠣᠯᠬᠢᠯᠠᠯ ᠢ ᠣᠯᠵᠤ ᠬᠠᠷᠠᠭᠰᠠᠨ ᠪᠥᠭᠡᠳ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠡᠷᠡᠰ ᠪᠠᠲᠤ ᠢᠲᠡᠭᠡᠯ ᠵᠣᠷᠢᠭ ᠪᠠ | ᠰᠦᠷ ᠳᠠᠯᠠᠶᠢᠴᠠᠲᠠᠢ ᠬᠦᠴᠦᠨ ᠴᠢᠳᠠᠯ ᠢ ᠣᠯᠵᠤ ᠣᠶᠢᠯᠠᠭᠠᠪᠠ᠃ ᠪᠦᠭᠦᠳᠡ ᠬᠤᠷᠠᠯ ᠠᠴᠠ᠂ ᠠᠷᠠᠳ ᠲᠦᠮᠡᠨ ᠢᠶᠠᠷ | ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠪᠠᠷ ᠵᠣᠷᠢᠯᠲᠠ ᠪᠠ | ᠲᠤᠰᠤᠯᠲᠠ ᠪᠣᠯᠭᠠᠨ᠎ᠠ᠃ ᠡᠨᠡ ᠨᠢ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢᠳᠡ ᠡᠷᠬᠡᠪᠰᠢ ᠠᠷᠠᠳ | ᠲᠦᠮᠡᠨ ᠤ ᠵᠣᠭᠰᠣᠯᠲᠠ ᠶᠢ ᠢᠮᠠᠭᠲᠠ ᠪᠠᠲᠤ ᠰᠠᠬᠢᠵᠤ᠂ ᠠᠷᠠᠳ ᠲᠦᠮᠡᠨ ᠤ ᠠᠰᠢᠭ ᠲᠤᠰᠠ ᠶᠢ ᠲᠡᠷᠢᠭᠦᠨ | ᠪᠠᠶᠢᠷᠢᠨ ᠳᠤ ᠲᠠᠯᠪᠢᠵᠤ᠂ ᠠᠷᠠᠳ ᠲᠦᠮᠡᠨ ᠤ ᠵᠣᠯ ᠵᠢᠷᠭᠠᠯ ᠤᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠢ ᠭᠡᠳᠡᠭ ᠢ | ᠪᠢ ᠭᠦᠨᠵᠡᠭᠡᠢ ᠲᠠᠨᠢᠵᠤ ᠣᠯᠪᠠ᠃ ᠪᠢᠳᠡ ᠲᠤᠰ ᠪᠡᠶ᠎ᠡ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠡᠪ ᠴᠢᠨᠠᠷ ᠢᠶᠠᠨ | ᠲᠠᠰᠤᠷᠠᠯᠲᠠ ᠦᠭᠡᠢ ᠴᠢᠩᠭᠠᠳᠬᠠᠵᠤ᠂ ᠠᠷᠠᠳ ᠲᠦᠮᠡᠨ ᠤ ᠦᠢᠯᠡᠰ ᠲᠤ ᠦᠨᠡᠨᠴᠢ ᠰᠢᠳᠤᠷᠭᠤ ᠪᠠᠶᠢᠬᠤ ᠪᠠ ᠬᠠᠶᠢᠷ᠎ᠠ | ᠰᠡᠳᠬᠢᠯᠭᠡ ᠪᠠᠨ ᠢᠮᠠᠭᠲᠠ ᠪᠠᠲᠤᠯᠠᠬᠤ ᠬᠡᠷᠡᠭᠲᠡᠢ᠃ ᠶᠠᠭ ︽ᠠᠷᠠᠳ ᠣᠯᠠᠨ ᠤ ᠬᠦᠰᠡᠯ ᠡᠷᠡᠮᠡᠯᠵᠡᠯ᠂ ᠵᠠᠰᠠᠭ | ᠶᠠᠪᠤᠭᠤᠯᠬᠤ ᠬᠠᠨᠳᠤᠰᠢ︾ ᠭᠡᠪᠡ᠃ ᠪᠢᠳᠡ ᠠᠷᠠᠳ ᠣᠯᠠᠨ ᠤ ᠬᠡᠷᠡᠭᠴᠡᠭᠡ ᠪᠠ ᠬᠦᠰᠡᠯ ᠡᠷᠡᠮᠡᠯᠵᠡᠯ ᠢ ᠴᠠᠭ ᠢᠮᠠᠭᠲᠠ | ᠠᠩᠬᠠᠷᠴᠤ᠂ ᠣᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠶᠠᠪᠤᠳᠠᠯ᠂ ᠵᠣᠪᠠᠵᠤ ᠪᠠᠶᠢᠭ᠎ᠠ ᠶᠠᠪᠤᠳᠠᠯ ᠢ ᠰᠡᠳᠬᠢᠯ | ᠲᠠᠯᠪᠢᠨ ᠬᠦᠴᠦ ᠣᠷᠣᠭᠤᠯᠤᠨ ᠰᠢᠢᠳᠪᠦᠷᠢᠯᠡᠵᠦ᠂ ᠪᠣᠳᠠᠲᠠᠢ ᠦᠷ᠎ᠡ ᠪᠦᠲᠦᠮᠵᠢ ᠪᠠᠷ ᠢᠶᠠᠨ ᠠᠷᠠᠳ ᠤᠨ ᠢᠲᠡᠭᠡᠯ ᠢ | ᠣᠯᠬᠤ ᠬᠡᠷᠡᠭᠲᠡᠢ᠃ ᠪᠦᠭᠦᠳᠡ ᠬᠤᠷᠠᠯ ᠠᠴᠠ ᠮᠠᠰᠢ ᠣᠯᠠᠨ ᠴᠢᠬᠤᠯᠠ ᠶᠡᠭᠡ ᠮᠠᠭᠠᠳᠯᠠᠯᠲᠠ᠂ ᠴᠢᠬᠤᠯᠠ ᠠᠷᠭ᠎ᠠ | ᠬᠡᠮᠵᠢᠶ᠎ᠡ ᠪᠠ ᠭᠤᠣᠯᠳᠠᠯᠭ᠎ᠠ ᠲᠠᠢ ᠡᠭᠦᠷᠭᠡ ᠶᠢ ᠳᠤᠷᠠᠳᠤᠨ ᠭᠠᠷᠭᠠᠵᠠᠢ᠂ ᠡᠨᠡ ᠨᠢ ᠪᠢᠳᠡᠨ ᠤ ᠳᠠᠷᠠᠭᠠᠴᠢ ᠶᠢᠨ | ᠠᠯᠬᠤᠮ ᠤᠨ ᠠᠵᠢᠯ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ | ᠦᠨᠳᠦᠰᠦᠨ ᠱᠠᠲᠤᠨ ᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢᠳᠡ ᠪᠦᠭᠦᠳᠡ ᠬᠤᠷᠠᠯ ᠠᠴᠠ | ᠳᠤᠷᠠᠳᠤᠭᠰᠠᠨ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠡᠯ᠎ᠡ ᠵᠦᠢᠯ ᠤᠨ ᠠᠵᠢᠯ ᠳᠤ ᠢᠳᠡᠪᠬᠢᠲᠡᠢ | ᠣᠷᠣᠯᠴᠠᠬᠤ ᠬᠡᠷᠡᠭᠲᠡᠢ᠃ ᠪᠢᠳᠡ ᠠᠵᠢᠯ ᠤᠨ ᠰᠡᠳᠬᠢᠴᠡ ᠪᠠ ᠠᠷᠭ᠎ᠠ ᠪᠠᠨ ᠲᠠᠰᠤᠷᠠᠯᠲᠠ ᠦᠭᠡᠢ ᠥᠷᠭᠡᠳᠬᠡᠵᠦ᠂ | ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠠᠵᠢᠯ ᠤᠨ ᠦᠷ᠎ᠡ ᠪᠦᠲᠦᠮᠵᠢ ᠪᠠ ᠶᠠᠰᠤ ᠴᠢᠨᠠᠷ ᠢᠶᠠᠨ | ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ᠂ ᠪᠢᠳᠡ ᠪᠠᠰᠠ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ | ᠵᠣᠷᠢᠭᠲᠠᠢ ᠪᠠᠷ ᠬᠦᠴᠢᠷ ᠠᠰᠠᠭᠤᠳᠠᠯ ᠳᠤ ᠰᠢᠭᠤᠳ ᠬᠠᠨᠳᠤᠵᠤ᠂ ᠠᠰᠠᠭᠤᠳᠠᠯ ᠢ ᠴᠢᠳᠠᠮᠠᠭᠠᠢ ᠪᠠᠷ ᠰᠢᠢᠳᠪᠦᠷᠢᠯᠡᠵᠦ᠂ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠦᠨᠳᠦᠰᠦᠯᠡᠭᠦᠯᠬᠦ ᠶᠢ ᠪᠠᠲᠤᠯᠠᠬᠤ ᠬᠡᠷᠡᠭᠲᠡᠢ᠃ | ᠡᠩ ᠲᠡᠷᠢᠭᠦᠨ ᠳᠤ᠂ ᠪᠢᠳᠡ ᠰᠤᠷᠤᠯᠴᠠᠯᠭ᠎ᠠ ᠪᠠᠨ ᠴᠢᠩᠭᠠᠳᠬᠠᠵᠤ᠂ ᠥᠪᠡᠷ ᠤᠨ ᠣᠨᠣᠯ ᠤᠨ ᠪᠣᠯᠪᠠᠰᠤᠷᠠᠯ ᠪᠣᠯᠤᠨ | ᠲᠤᠬᠠᠶᠢᠯᠠᠭᠰᠠᠨ ᠠᠵᠢᠯ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠲᠡᠷᠢᠭᠦᠨ ᠤ ᠣᠨᠣᠯ | ᠪᠠ ᠴᠢᠭᠯᠡᠯᠲᠡ ᠲᠥᠷᠥ ᠶᠢᠨ ᠪᠣᠳᠣᠯᠭ᠎ᠠ ᠶᠢ ᠭᠦᠨᠵᠡᠭᠡᠢ ᠰᠤᠷᠤᠯᠴᠠᠬᠤ ᠪᠠᠷ ᠳᠠᠮᠵᠢᠨ᠂ ᠰᠢᠨ᠎ᠡ ᠮᠡᠳᠡᠯᠭᠡ᠂ ᠰᠢᠨ᠎ᠡ | ᠮᠡᠷᠭᠡᠵᠢᠯ ᠤᠨ ᠴᠢᠳᠠᠪᠤᠷᠢ ᠶᠢ ᠡᠵᠡᠮᠰᠢᠵᠦ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠨᠡᠮᠡᠭᠳᠡᠭᠦᠯᠬᠦ | ᠬᠡᠷᠡᠭᠲᠡᠢ᠃ ᠳᠠᠷᠠᠭᠠᠯᠠᠪᠠᠯ᠂ ᠪᠢᠳᠡ ᠦᠢᠯᠡᠳᠦᠯᠭᠡ ᠪᠠᠷ ᠪᠣᠯᠪᠠᠰᠤᠷᠠᠭᠤᠯᠬᠤ ᠶᠢ ᠴᠢᠬᠤᠯᠠᠴᠢᠯᠠᠵᠤ᠂ ᠡᠯ᠎ᠡ ᠵᠦᠢᠯ ᠤᠨ | ᠠᠵᠢᠯ ᠳᠤ ᠢᠳᠡᠪᠬᠢᠲᠡᠢ ᠣᠷᠣᠯᠴᠠᠵᠤ᠂ ᠲᠠᠰᠤᠷᠠᠯᠲᠠ ᠦᠭᠡᠢ ᠲᠤᠷᠰᠢᠯᠭ᠎ᠠ ᠬᠤᠷᠠᠮᠳᠤᠭᠤᠯᠵᠤ᠂ ᠥᠪᠡᠷ ᠤᠨ | ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠶᠠᠭ ᠡᠷᠲᠡᠨ ᠤ ᠰᠢᠯᠦᠭ ᠤᠨ ᠬᠡᠯᠡᠭᠰᠡᠨᠴᠢᠯᠡᠨ᠄ ︽ᠲᠦᠮᠡᠨ | ᠪᠣᠲᠢ ᠨᠣᠮ ᠤᠩᠰᠢᠵᠤ᠂ ᠲᠦᠮᠡᠨ ᠭᠠᠵᠠᠷ ᠠᠶᠠᠯᠠᠵᠤ︾᠂ ᠦᠢᠯᠡᠳᠦᠯᠭᠡ ᠶᠢᠨ ᠳᠤᠮᠳᠠ ᠲᠠᠰᠤᠷᠠᠯᠲᠠ ᠦᠭᠡᠢ ᠬᠠᠶᠢᠨ | ᠰᠦᠪᠡᠭᠴᠢᠯᠡᠵᠦ᠂ ᠲᠠᠰᠤᠷᠠᠯᠲᠠ ᠦᠭᠡᠢ ᠳ᠋ᠦᠩᠨᠡᠵᠦ᠂ ᠰᠠᠶ᠋ᠢ ᠠᠪᠢᠶᠠᠰ ᠴᠢᠳᠠᠪᠤᠷᠢ ᠪᠠᠨ ᠦᠨᠡᠨ ᠬᠦ ᠨᠡᠮᠡᠭᠳᠡᠭᠦᠯᠵᠦ᠂ | ᠴᠢᠳᠠᠪᠤᠷᠢ ᠪᠠᠨ ᠳᠡᠭᠡᠭᠰᠢᠯᠡᠭᠦᠯᠵᠦ ᠴᠢᠳᠠᠨ᠎ᠠ᠃ ᠡᠭᠦᠨ ᠠᠴᠠ ᠭᠠᠳᠠᠨ᠎ᠠ᠂ ᠪᠢᠳᠡ ᠪᠠᠰᠠ ᠨᠢᠭᠡᠨ ᠳᠠᠷᠤᠤ ᠬᠢᠴᠢᠶᠡᠩᠭᠦᠢ | ᠪᠣᠯᠭᠤᠮᠵᠢᠲᠠᠢ ᠪᠠᠶᠢᠬᠤ ᠬᠡᠷᠡᠭᠲᠡᠢ᠂ ᠳᠠᠷᠤᠤ ᠬᠢᠴᠢᠶᠡᠩᠭᠦᠢ ᠪᠠᠷ ᠪᠤᠰᠤᠳ ᠠᠴᠠ ᠰᠤᠷᠤᠯᠴᠠᠵᠤ᠂ ᠪᠤᠰᠤᠳ ᠠᠴᠠ | ᠠᠰᠠᠭᠤᠬᠤ ᠪᠠᠷ ᠢᠴᠢᠬᠦ ᠦᠭᠡᠢ᠃ ᠬᠥᠮᠦᠨ ᠪᠣᠯᠭᠠᠨ ᠳᠤ ᠥᠪᠡᠷ ᠤᠨᠲ᠋ᠤᠲᠠᠭᠳᠠᠯ ᠲᠠᠢ ᠲᠠᠯ᠎ᠠ ᠪᠣᠯᠤᠨ ᠳᠠᠪᠠᠭᠤᠯᠢᠭ | ᠲᠠᠯ᠎ᠠ ᠲᠠᠢ᠂ ᠭᠠᠭᠴᠠ ᠬᠦ ᠪᠤᠰᠤᠳ ᠤᠨ ᠰᠠᠶᠢᠨ ᠲᠠᠯ᠎ᠠ ᠶᠢ ᠴᠢᠳᠠᠮᠠᠭᠠᠢ ᠪᠠᠷ ᠰᠤᠷᠤᠯᠴᠠᠪᠠᠯ ᠰᠠᠶ᠋ᠢ ᠥᠪᠡᠷ ᠤᠨ | ᠬᠦᠷᠦᠯᠴᠡᠬᠦ ᠦᠭᠡᠢ ᠲᠠᠯ᠎ᠠ ᠪᠠᠨ ᠨᠡᠩ ᠰᠠᠶᠢᠨ ᠨᠥᠬᠦᠪᠥᠷᠢᠯᠡᠵᠦ᠂ ᠥᠪᠡᠷ ᠢ ᠪᠠᠨ ᠲᠠᠰᠤᠷᠠᠯᠲᠠ ᠦᠭᠡᠢ | ᠲᠡᠭᠦᠯᠳᠡᠷᠵᠢᠭᠦᠯᠵᠦ ᠴᠢᠳᠠᠨ᠎ᠠ᠃ ᠡᠭᠦᠨ ᠤ ᠬᠠᠮᠲᠤ᠂ ᠪᠢᠳᠡ ᠪᠠᠰᠠ ᠵᠣᠷᠢᠭᠲᠠᠢ ᠪᠠᠷ ᠰᠢᠨ᠎ᠡ ᠶᠢ ᠡᠭᠦᠳᠬᠦ ᠰᠡᠳᠬᠢᠯ ᠢ | ᠪᠠᠷᠢᠮᠲᠠᠯᠠᠵᠤ᠂ ᠰᠢᠨ᠎ᠡ ᠬᠡᠷᠡᠭ ᠪᠣᠳᠠᠰ᠂ ᠰᠢᠨ᠎ᠡ ᠠᠷᠭ᠎ᠠ ᠬᠡᠮᠵᠢᠶ᠎ᠡ ᠶᠢ ᠵᠣᠷᠢᠭᠲᠠᠢ ᠪᠠᠷ ᠲᠤᠷᠰᠢᠬᠤ ᠬᠡᠷᠡᠭᠲᠡᠢ᠃ ᠰᠢᠨ᠎ᠡ | ᠴᠠᠭ ᠦᠶ᠎ᠡ ᠶᠢᠨ ᠠᠬᠤᠢ ᠪᠠᠶᠢᠳᠠᠯ ᠤᠨ ᠳᠣᠣᠷ᠎ᠠ᠂ ᠪᠢᠳᠡ ᠠᠵᠢᠯ ᠤᠨ ᠠᠷᠭ᠎ᠠ ᠬᠡᠯᠪᠡᠷᠢ ᠪᠠᠨ ᠲᠠᠰᠤᠷᠠᠯᠲᠠ ᠦᠭᠡᠢ | ᠰᠢᠨ᠎ᠡ ᠶᠢ ᠡᠭᠦᠳᠪᠡᠯ ᠰᠠᠶ᠋ᠢ ᠴᠠᠭ ᠦᠶ᠎ᠡ ᠶᠢᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠵᠤ᠂ ᠠᠷᠠᠳ ᠲᠦᠮᠡᠨ ᠳᠤ | ᠨᠡᠩ ᠰᠠᠶᠢᠨ ᠦᠢᠯᠡᠴᠢᠯᠡᠵᠦ ᠴᠢᠳᠠᠨ᠎ᠠ᠃ ᠲᠤᠰ ᠤᠳᠠᠭᠠᠨ ᠤ ᠰᠤᠷᠤᠯᠴᠠᠯᠭ᠎ᠠ ᠨᠢ ᠮᠢᠨᠤ ᠵᠣᠷᠢᠯᠭ᠎ᠠ ᠶᠢ ᠨᠡᠩ | ᠲᠣᠳᠣᠷᠬᠠᠢ ᠪᠣᠯᠭᠠᠵᠤ᠂ ᠢᠲᠡᠭᠡᠯ ᠵᠣᠷᠢᠭ ᠢ ᠮᠢᠨᠢ ᠪᠠᠲᠤᠳᠬᠠᠵᠠᠢ᠃ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ | ᠪᠢ ᠦᠷᠭᠦᠯᠵᠢᠯᠡᠨ ᠣᠨᠣᠯ ᠤᠨ ᠮᠡᠳᠡᠯᠭᠡ ᠶᠢ ᠴᠢᠷᠮᠠᠶᠢᠨ ᠰᠤᠷᠤᠯᠴᠠᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ | ᠳᠡᠭᠡᠭᠰᠢᠯᠡᠭᠦᠯᠵᠦ᠂ ᠠᠵᠢᠯ ᠤᠨ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠥᠪᠡᠷ ᠤᠨ ᠬᠤᠪᠢ | ᠨᠡᠮᠡᠷᠢ ᠪᠠᠨ ᠦᠵᠡᠭᠦᠯᠦᠨ᠎ᠡ ᠭᠡᠪᠡ᠃ | ᠢᠷᠡᠭᠡᠳᠦᠢ ᠶᠢᠨ ᠠᠵᠢᠯ ᠳᠤᠮᠳᠠ᠂ ᠪᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠢᠮᠠᠭᠲᠠ ᠪᠠᠷᠢᠮᠲᠠᠯᠠᠵᠤ᠂ ᠥᠪᠡᠷ ᠤᠨ ᠠᠵᠢᠯ ᠤᠨ ᠴᠢᠳᠠᠪᠤᠷᠢ ᠪᠣᠯᠤᠨ ᠦᠢᠯᠡᠴᠢᠯᠡᠭᠡᠨ ᠤ | ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠣᠰᠬᠤᠨ ᠤ ᠠᠷᠠᠳ ᠤᠨ ᠳᠣᠲᠣᠨᠣ ᠬᠥᠮᠦᠨ ᠪᠣᠯᠬᠤ ᠪᠠᠷ | ᠴᠢᠷᠮᠠᠶᠢᠨ᠎ᠠ᠃ | |