ᠤᠮᠠᠷᠠᠲᠤ ᠸᠧᠢ ᠬᠤᠸᠠᠢ ᠱᠦᠸᠧ ᠪᠠᠯᠭᠠᠰᠤᠨ ᠤ ᠴᠡᠷᠢᠭ ᠤᠨ ᠶᠠᠪᠤᠳᠠᠯ ᠤᠨ ᠪᠠᠶᠢᠷᠢ ᠰᠠᠭᠤᠷᠢ ᠶᠢ ᠨᠥᠯᠥᠭᠡᠯᠡᠬᠦ ᠬᠦᠴᠦᠨ ᠵᠦᠢᠯ
ᠨᠡᠶᠢᠲᠡᠯᠡᠭᠰᠡᠨ ᠴᠠᠭ᠄
2024/9/5
    ᠤᠮᠠᠷᠠᠲᠤ ᠸᠧᠢ ᠶᠢᠨ ᠵᠢᠷᠭᠤᠭᠠᠨ ᠪᠠᠯᠭᠠᠰᠤ ᠨᠢ ᠤᠮᠠᠷᠠᠲᠤ ᠬᠢᠵᠠᠭᠠᠷ ᠢ ᠬᠠᠮᠠᠭᠠᠯᠠᠵᠤ᠂ ᠷᠧᠦ ᠷᠠᠨ ᠢ ᠡᠰᠡᠷᠭᠦᠴᠡᠬᠦ ᠶᠢᠨ ᠲᠥᠯᠥᠭᠡ ᠤᠮᠠᠷᠠᠲᠤ ᠬᠢᠯᠢ ᠶᠢᠨ ᠬᠢᠵᠠᠭᠠᠷ ᠣᠷᠣᠨ ᠳᠤ ᠪᠠᠶᠢᠭᠤᠯᠤᠭᠰᠠᠨ ᠴᠢᠬᠤᠯᠠ ᠴᠡᠷᠢᠭ ᠤᠨ ᠪᠠᠯᠭᠠᠳ ᠪᠣᠯᠤᠨ᠎ᠠ᠃ ᠵᠢᠷᠭᠤᠭᠠᠨ ᠪᠠᠯᠭᠠᠰᠤ ᠤᠮᠠᠷᠠᠲᠤ ᠸᠧᠢ ᠤᠯᠤᠰ ᠤᠨ ᠷᠧᠦ ᠷᠠᠨ ᠤ ᠡᠮᠦᠨ᠎ᠡ ᠪᠠᠶᠢᠷᠢᠯᠠᠵᠤ᠂ ᠬᠤᠷᠢᠭᠯᠠᠯᠲᠠ ᠶᠢᠨ ᠴᠢᠳᠠᠪᠬᠢ ᠪᠠᠨ ᠪᠦᠲᠦᠮᠵᠢᠲᠡᠢ ᠪᠠᠳᠠᠷᠠᠭᠤᠯᠵᠤ ᠴᠢᠳᠠᠬᠤ ᠡᠰᠡᠬᠦ ᠨᠢ ᠤᠮᠠᠷᠠᠲᠤ ᠸᠧᠢ ᠤᠯᠤᠰ ᠤᠨ ᠤᠮᠠᠷᠠᠲᠤ ᠶᠢᠨ ᠲᠣᠭᠲᠠᠭᠤᠨ ᠪᠠᠶᠢᠳᠠᠯ ᠴᠢᠨᠠᠭᠰᠢᠯᠠᠪᠠᠯ ᠨᠡᠶᠢᠰᠯᠡᠯ ᠤᠨ ᠠᠮᠤᠷ ᠲᠦᠪᠰᠢᠨ ᠠᠶᠤᠯ ᠲᠦᠭᠰᠢᠭᠦᠷᠢ ᠲᠠᠢ ᠬᠤᠯᠪᠣᠭᠳᠠᠬᠤ ᠤᠴᠢᠷ ᠠᠴᠠ ᠤᠮᠠᠷᠠᠲᠤ ᠸᠧᠢ ᠤᠯᠤᠰ ᠤᠨ ᠬᠢᠨ ᠵᠢᠷᠭᠤᠭᠠᠨ ᠪᠠᠯᠭᠠᠰᠤᠨ ᠳᠤ ᠶᠡᠭᠡ ᠬᠡᠮᠵᠢᠶᠡᠨ ᠤ ᠪᠠᠶᠢᠯᠳᠤᠭᠴᠢᠳ ᠢ ᠰᠡᠷᠭᠡᠶᠢᠯᠡᠵᠦ᠂ ᠶᠡᠭᠡ ᠬᠡᠮᠵᠢᠶᠡᠨ ᠤ ᠴᠡᠷᠢᠭ ᠤᠨ ᠶᠠᠪᠤᠳᠠᠯ ᠤᠨ ᠡᠳ᠋ ᠪᠣᠳᠠᠰ ᠢ ᠬᠠᠳᠠᠭᠠᠯᠠᠬᠤ ᠬᠡᠷᠡᠭᠲᠡᠢ᠂ ᠡᠨᠡ ᠨᠢ ᠵᠢᠷᠭᠤᠭᠠᠨ ᠪᠠᠯᠭᠠᠰᠤ ᠶᠢᠨ ᠬᠤᠲᠠ ᠶᠢᠨ ᠬᠡᠪᠴᠢᠶ᠎ᠡ ᠵᠠᠶᠢᠯᠠᠰᠢ ᠦᠭᠡᠢ ᠪᠤᠰᠤᠳ ᠪᠠᠯᠭᠠᠰᠤ ᠠᠴᠠ ᠶᠡᠭᠡ ᠪᠠᠶᠢᠬᠤ ᠶᠢ ᠲᠣᠭᠲᠠᠭᠠᠭᠰᠠᠨ ᠪᠠᠶᠢᠨ᠎ᠠ᠃ ᠭᠡᠪᠡᠴᠦ ᠵᠢᠷᠭᠤᠭᠠᠨ ᠪᠠᠯᠭᠠᠰᠤᠨ ᠤ ᠣᠷᠣᠰᠢᠵᠤ ᠪᠠᠶᠢᠭ᠎ᠠ ᠭᠠᠵᠠᠷ ᠵᠦᠢ ᠶᠢᠨ ᠣᠷᠴᠢᠨ ᠲᠣᠭᠤᠷᠢᠨ ᠤ ᠵᠥᠷᠢᠶ᠎ᠡ᠂ ᠪᠠᠯᠭᠠᠰᠤᠨ ᠤ ᠬᠤᠲᠠ ᠨᠢ ᠵᠠᠮ ᠬᠠᠷᠢᠯᠴᠠᠭᠠᠨ ᠤ ᠬᠦᠢᠰᠦ ᠵᠢᠴᠢ ᠷᠧᠦ ᠷᠠᠨ ᠤᠮᠠᠷᠠᠲᠤ ᠸᠧᠢ ᠤᠯᠤᠰ ᠤᠨ ᠤᠮᠠᠷᠠᠲᠤ ᠬᠢᠯᠢ ᠶᠢ ᠳᠠᠭᠠᠷᠢᠭᠰᠠᠨ ᠬᠠᠷᠠᠯᠲᠠ ᠶᠢᠨ ᠰᠣᠩᠭᠤᠯᠲᠠ ᠵᠡᠷᠭᠡ ᠬᠦᠴᠦᠨ ᠵᠦᠢᠯ ᠠᠴᠠ ᠪᠣᠯᠵᠤ᠂ ᠤᠮᠠᠷᠠᠲᠤ ᠸᠧᠢ ᠵᠢᠷᠭᠤᠭᠠᠨ ᠪᠠᠯᠭᠠᠰᠤ ᠶᠢᠨ ᠬᠤᠲᠠ ᠶᠢ ᠪᠦᠲᠦᠭᠡᠨ ᠪᠠᠶᠢᠭᠤᠯᠬᠤ ᠦᠶ᠎ᠡ ᠳᠤ ᠪᠠᠯᠭᠠᠰᠤᠨ ᠤ ᠬᠤᠲᠠ ᠶᠢᠨ ᠬᠡᠪᠴᠢᠶ᠎ᠡ ᠶᠢ ᠢᠯᠭᠠᠳᠠᠭ᠃    ᠨᠢᠭᠡᠨᠲᠡ ᠮᠢᠩ ᠤᠯᠤᠰ ᠤᠨ ᠵᠢᠷᠭᠤᠭᠠᠨ ᠪᠠᠯᠭᠠᠰᠤᠨ ᠤ ᠬᠤᠲᠠ ᠶᠢᠨ ᠪᠠᠭᠤᠷᠢ ᠳᠤ᠂ ᠥᠪᠥᠷ ᠮᠣᠩᠭᠤᠯ ᠤᠨ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠭᠧᠨᠽᠢ ᠲᠠᠯᠠᠪᠠᠢ ᠶᠢᠨ ᠡᠷᠲᠡᠨ ᠤ ᠬᠤᠲᠠ ᠪᠣᠯ ᠤᠮᠠᠷᠠᠲᠤ ᠸᠧᠢ ᠤᠯᠤᠰ ᠤᠨ ᠸᠧ ᠶᠧ ᠪᠠᠯᠭᠠᠰᠤᠨ ᠤ ᠬᠠᠭᠤᠴᠢᠨ ᠪᠠᠭᠤᠷᠢ ᠪᠣᠯᠤᠨ᠎ᠠ᠂ ᠬᠤᠲᠠ ᠶᠢᠨ ᠪᠠᠭᠤᠷᠢ ᠨᠢ ᠵᠡᠭᠦᠨᠰᠢ ᠪᠠᠷᠠᠭᠤᠨᠰᠢ ᠪᠠᠷᠤᠭ 1500 ᠮᠧᠲᠷ᠂ ᠡᠮᠦᠨ᠎ᠡ ᠤᠮᠠᠷ᠎ᠠ ᠶᠢᠨ ᠥᠷᠭᠡᠨ ᠨᠢ ᠪᠠᠷᠤᠭ 600 ᠮᠧᠲᠷ᠃ ᠥᠪᠥᠷ ᠮᠣᠩᠭᠤᠯ ᠤᠨ ᠪᠤᠭᠤᠲᠤ ᠬᠤᠲᠠ ᠶᠢᠨ ᠭᠦᠶᠡᠩ ᠰᠢᠶᠠᠨ ᠤ ᠬᠤᠸᠠᠢ ᠱᠦᠸᠧ ᠪᠠᠯᠭᠠᠰᠤᠨ ᠤ ᠴᠧᠩ ᠴᠧᠩ ᠲᠣᠰᠬᠤᠨ ᠤ ᠪᠠᠷᠠᠭᠤᠨ ᠡᠮᠦᠨᠡᠬᠢ ᠬᠤᠲᠠ ᠶᠢᠨ ᠬᠦᠷᠢᠶ᠎ᠡ ᠶᠢᠨ ᠡᠷᠲᠡᠨ ᠤ ᠬᠤᠲᠠ ᠪᠣᠯ ᠤᠮᠠᠷᠠᠲᠤ ᠸᠧᠢ ᠬᠤᠸᠠᠢ ᠱᠦᠸᠧ ᠪᠠᠯᠭᠠᠰᠤᠨ ᠤ ᠬᠠᠭᠤᠴᠢᠨ ᠬᠤᠲᠠ᠂ ᠡᠷᠲᠡᠨ ᠤ ᠬᠤᠲᠠ ᠶᠢᠨ ᠵᠡᠭᠦᠨ ᠬᠡᠷᠡᠮ ᠤᠨ ᠤᠷᠲᠤ ᠨᠢ ᠪᠠᠷᠤᠭ 934 ᠮᠧᠲᠷ᠂ ᠡᠮᠦᠨ᠎ᠡ ᠬᠡᠷᠡᠮ ᠤᠨ ᠤᠷᠲᠤ ᠨᠢ ᠪᠠᠷᠤᠭ 1416 ᠮᠧᠲᠷ᠂ ᠪᠠᠷᠠᠭᠤᠨ ᠬᠡᠷᠡᠮ ᠤᠨ ᠤᠷᠲᠤ ᠨᠢ ᠪᠠᠷᠤᠭ 1167 ᠮᠧᠲᠷ᠂ ᠬᠤᠶᠢᠲᠤ ᠬᠡᠷᠡᠮ ᠤᠨ ᠤᠷᠲᠤ ᠨᠢ ᠪᠠᠷᠤᠭ 1150 ᠮᠧᠲᠷ ᠪᠣᠯᠤᠨ᠎ᠠ᠃ ᠥᠪᠥᠷ ᠮᠣᠩᠭᠤᠯ ᠤᠨ ᠬᠥᠬᠡᠬᠤᠲᠠ ᠶᠢᠨ ᠦᠴᠤᠸᠠᠨ ᠰᠢᠶᠠᠨ ᠤ ᠡᠯ ᠹᠧᠨ ᠽᠢ ᠰᠢᠶᠠᠩ ᠤᠨ ᠡᠯ ᠹᠧᠨ ᠽᠢ ᠡᠷᠲᠡᠨ ᠤ ᠬᠤᠲᠠ ᠪᠣᠯ ᠦᠴᠤᠸᠠᠨ ᠪᠠᠯᠭᠠᠰᠤᠨ ᠤ ᠬᠠᠭᠤᠴᠢᠨ ᠬᠤᠲᠠ ᠪᠣᠯᠤᠨ᠎ᠠ᠂ ᠬᠤᠲᠠ ᠶᠢᠨ ᠰᠠᠭᠤᠷᠢ ᠨᠢ ᠳᠦᠷᠢᠮ ᠦᠭᠡᠢ ᠤᠷᠲᠤ ᠳᠥᠷᠪᠡᠯᠵᠢᠨ ᠬᠡᠯᠪᠡᠷᠢ ᠲᠠᠢ᠂ ᠪᠠᠷᠠᠭᠤᠨ ᠬᠡᠷᠡᠮ ᠨᠢ ᠪᠠᠷᠤᠭ 744 ᠮᠧᠲᠷ᠂ ᠤᠮᠠᠷᠠᠲᠤ ᠬᠡᠷᠡᠮ ᠨᠢ ᠪᠠᠷᠤᠭ 680 ᠮᠧᠲᠷ ᠪᠤᠢ᠃ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠤᠯᠠᠭᠠᠨ ᠬᠤᠸᠠ ᠪᠠᠯᠭᠠᠰᠤᠨ ᠤ ᠲᠤ ᠴᠧᠩ ᠽᠢ ᠲᠣᠰᠬᠤᠨ ᠤ ᠪᠠᠷᠠᠭᠤᠨ ᠡᠮᠦᠨ᠎ᠡ ᠯᠠᠨ ᠬᠤᠸᠠ ᠲᠦ᠋ ᠴᠧᠩ ᠽᠢ ᠲᠣᠰᠬᠤᠨ ᠤ ᠬᠠᠭᠤᠴᠢᠨ ᠬᠤᠲᠠ ᠨᠢ ᠪᠠᠯᠭᠠᠰᠤ ᠶᠢᠨ ᠬᠠᠭᠤᠴᠢᠨ ᠰᠠᠭᠤᠷᠢᠨ ᠪᠣᠯᠵᠤ᠂ ᠭᠤᠣᠯ ᠬᠤᠲᠠ ᠨᠢ ᠪᠠᠷᠤᠭ ᠲᠡᠭᠰᠢ ᠳᠥᠷᠪᠡᠯᠵᠢᠨ ᠬᠡᠯᠪᠡᠷᠢ ᠲᠠᠢ ᠪᠠᠶᠢᠵᠤ᠂ ᠵᠡᠭᠦᠨ ᠪᠠᠷᠠᠭᠤᠨ ᠣᠷᠣᠨ ᠤ ᠤᠷᠲᠤ ᠨᠢ ᠪᠠᠷᠤᠭ 912 ᠮᠧᠲᠷ ᠪᠠᠶᠢᠵᠤ᠂ ᠡᠮᠦᠨ᠎ᠡ ᠤᠮᠠᠷ᠎ᠠ ᠵᠠᠮ ᠤᠨ ᠥᠷᠭᠡᠨ ᠨᠢ 921ᠮᠧᠲᠷ᠃ ᠳᠡᠭᠡᠷ᠎ᠡ ᠳᠤᠷᠠᠳᠤᠭᠰᠠᠨ ᠬᠠᠭᠤᠴᠢ ᠰᠤᠳᠤᠯᠤᠯ ᠤᠨ ᠮᠠᠲ᠋ᠧᠷᠢᠶᠠᠯ ᠢ ᠦᠨᠳᠦᠰᠦᠯᠡᠪᠡᠯ᠂ ᠬᠤᠸᠠᠢ ᠱᠦᠸᠧ ᠪᠠᠯᠭᠠᠰᠤᠨ ᠤ ᠬᠤᠲᠠ ᠶᠢᠨ ᠬᠡᠪᠴᠢᠶ᠎ᠡ ᠪᠣᠯ ᠣᠳᠣᠬᠠᠨ ᠳᠤ ᠨᠢᠭᠡᠨᠲᠡ ᠮᠡᠳᠡᠭᠰᠡᠨ ᠯᠢᠦ ᠵᠧᠨ ᠪᠠᠯᠭᠠᠰᠤᠨ ᠤ ᠬᠤᠲᠠ ᠶᠢᠨ ᠳᠤᠮᠳᠠ ᠬᠠᠮᠤᠭ ᠤᠨ ᠶᠡᠭᠡ ᠶᠤᠮ᠃ ᠡᠶᠢᠮᠦ ᠠᠴᠠ᠂ ᠪᠠᠯᠭᠠᠰᠤᠨ ᠤ ᠬᠤᠲᠠ ᠶᠢᠨ ᠬᠠᠭᠤᠴᠢᠨ ᠪᠠᠭᠤᠷᠢ ᠶᠢᠨ ᠬᠡᠪᠴᠢᠶᠡᠵᠢᠯ ᠤᠨ ᠲᠠᠯ᠎ᠠ ᠠᠴᠠ ᠦᠵᠡᠪᠡᠯ᠂ ᠵᠢᠷᠭᠤᠳᠤᠭᠠᠷ ᠪᠠᠯᠭᠠᠰᠤᠨ ᠤ ᠬᠤᠲᠠ ᠶᠢᠨ ᠬᠤᠸᠠᠢ ᠱᠦᠸᠧ ᠪᠠᠯᠭᠠᠰᠤᠨ ᠤ ᠪᠠᠶᠢᠷᠢ ᠰᠠᠭᠤᠷᠢ ᠨᠢ ᠬᠠᠮᠤᠭ ᠤᠨ ᠴᠢᠬᠤᠯᠠ ᠶᠤᠮ᠃ 
 
ᠢᠷᠡᠯᠲᠡ᠄ ᠬᠤᠸᠠᠢ ᠱᠦᠸᠧ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号