ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ᠂ ᠵᠡᠮᠳᠡᠭᠴᠦᠳ ᠢ ᠬᠠᠶᠢᠷᠠᠯᠠᠨ ᠬᠠᠯᠠᠮᠵᠢᠯᠠᠵᠤ᠂ | ᠬᠦᠨᠳᠦᠳᠬᠡᠬᠦ ᠠᠭᠤᠷ ᠠᠮᠢᠰᠬᠤᠯ ᠢ ᠪᠣᠢ ᠪᠣᠯᠭᠠᠵᠤ᠂ ᠲᠡᠳᠡᠨ ᠢ ᠬᠠᠯᠠᠭᠤᠨ ᠳᠤᠯᠠᠭᠠᠨ᠂ ᠵᠣᠯ ᠵᠢᠷᠭᠠᠯᠲᠤ ᠪᠠᠶᠠᠷ ᠤᠨ | ᠡᠳᠦᠷ ᠢ ᠥᠩᠭᠡᠷᠡᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ ᠬᠤᠸᠠᠢ ᠱᠦᠸᠧ ᠪᠠᠯᠭᠠᠰᠤᠨ ᠳᠤ ᠴᠠᠭᠠᠨ ᠰᠠᠷ᠎ᠠ ᠶᠢᠨ | ᠡᠷᠭᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠬᠠᠶᠢᠷ᠎ᠠ ᠬᠠᠯᠠᠮᠵᠢ ᠶᠢᠨ ᠰᠡᠳᠬᠢᠯᠭᠡ ᠪᠠᠨ ᠲᠡᠳᠡᠨ ᠤ | ᠳᠡᠷᠭᠡᠳᠡ ᠦᠨᠡᠨ ᠬᠦ ᠳᠠᠮᠵᠢᠭᠤᠯᠪᠠ᠃ | ᠬᠠᠶᠢᠷ᠎ᠠ ᠬᠠᠯᠠᠮᠵᠢ ᠬᠦᠷᠲᠡᠭᠡᠬᠦ ᠡᠲᠡᠭᠡᠳ ᠤᠨ ᠭᠡᠷ ᠲᠤ᠂ ᠲᠣᠰᠬᠤᠨ ᠤ ᠤᠳᠤᠷᠢᠳᠤᠯᠭ᠎ᠠ᠂ ᠲᠣᠰᠬᠤᠨ ᠤ ᠬᠤᠶᠠᠷ | ᠵᠥᠪᠯᠡᠯ ᠲᠤᠰ ᠬᠥᠮᠦᠨ ᠵᠢᠴᠢ ᠭᠡᠷ ᠪᠦᠯᠢ ᠶᠢᠨ ᠬᠢᠨ ᠲᠠᠢ ᠨᠢᠭᠤᠷᠳᠠᠨ ᠶᠠᠷᠢᠯᠴᠠᠵᠤ᠂ ᠭᠡᠷ ᠪᠦᠯᠢ ᠶᠢᠨ | ᠦᠢᠯᠡᠳᠪᠦᠷᠢᠯᠡᠯ ᠠᠮᠢᠳᠤᠷᠠᠯ᠂ ᠡᠷᠡᠭᠦᠯ ᠮᠡᠨᠳᠦ ᠶᠢᠨ ᠪᠠᠶᠢᠳᠠᠯ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠵᠤ | ᠠᠵᠢᠯ ᠣᠯᠬᠤ᠂ ᠭᠡᠷ ᠪᠦᠯᠢ ᠶᠢᠨ ᠣᠷᠣᠯᠭ᠎ᠠ᠂ ᠵᠡᠮᠳᠡᠭᠴᠦᠳ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠲᠤᠷᠭ᠎ᠠ᠂ ᠭᠤᠯᠢᠷ᠂ ᠢᠳᠡᠰᠢᠨ | ᠲᠣᠰᠣ ᠵᠡᠷᠭᠡ ᠲᠣᠬᠤᠨᠢᠭᠤᠯᠬᠤ ᠪᠣᠳᠠᠰ ᠪᠣᠯᠤᠨ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠦ᠂ ᠲᠡᠳᠡᠨ ᠢ ᠢᠲᠡᠭᠡᠯ | ᠵᠣᠷᠢᠭ ᠢᠶᠠᠨ ᠬᠥᠪᠴᠢᠯᠡᠬᠦ ᠶᠢ ᠵᠣᠷᠢᠭᠵᠢᠭᠤᠯᠵᠤ᠂ ᠪᠠᠯᠭᠠᠰᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ | ᠬᠠᠯᠠᠮᠵᠢᠯᠠᠯ ᠳᠣᠣᠷ᠎ᠠ ᠪᠡᠶ᠎ᠡ ᠪᠠᠨ ᠳᠠᠭᠠᠭᠠᠵᠤ ᠬᠦᠴᠦᠷᠬᠡᠭᠵᠢᠵᠦ᠂ ᠭᠠᠷ ᠬᠤᠯᠪᠣᠨ ᠢᠷᠡᠭᠡᠳᠦᠢ ᠶᠢᠨ ᠠᠮᠢᠳᠤᠷᠠᠯ ᠳᠤ | ᠬᠠᠨᠳᠤᠬᠤ ᠬᠡᠷᠡᠭᠲᠡᠢ ᠭᠡᠵᠡᠢ᠃ | ᠵᠡᠮᠳᠡᠭ ᠯᠢ ᠠᠪᠠᠭ᠎ᠠ ᠰᠡᠳᠬᠢᠯ ᠳᠣᠭᠳᠣᠯᠤᠨ ᠬᠡᠯᠡᠭᠰᠡᠨ ᠨᠢ᠄ ︽ᠲᠠ ᠨᠠᠷ ᠤᠨ ᠬᠠᠯᠠᠮᠵᠢᠯᠠᠯ ᠳᠤ ᠲᠠᠯᠠᠷᠬᠠᠵᠤ | ᠪᠠᠶᠢᠨ᠎ᠠ᠂ ᠮᠠᠨ ᠤ ᠡᠳᠡᠭᠡᠷ ᠵᠡᠮᠳᠡᠭᠴᠦᠳ ᠢ ᠴᠠᠭ ᠢᠮᠠᠭᠲᠠ ᠬᠠᠯᠠᠮᠵᠢᠯᠠᠵᠤ᠂ ᠪᠢᠳᠡᠨ ᠳᠤ ᠪᠠᠶᠠᠷ ᠤᠨ ᠡᠳᠦᠷ ᠤᠨ | ᠬᠠᠯᠠᠭᠤᠨ ᠳᠤᠯᠠᠭᠠᠨ ᠢ ᠤᠷᠢᠳᠴᠢᠯᠠᠨ ᠮᠡᠳᠡᠷᠡᠭᠦᠯᠵᠦ ᠪᠠᠶᠢᠨ᠎ᠠ᠃ ᠡᠨᠡ ᠵᠢᠯ ᠠᠴᠠ ᠨᠠᠰᠢ ᠪᠠᠯᠭᠠᠰᠤ ᠲᠣᠰᠬᠤᠨ ᠤ | ᠺᠠᠳ᠋ᠷ ᠬᠥᠳᠡᠭᠡ ᠪᠠᠭᠤᠵᠤ ᠡᠷᠦᠬᠡ ᠳᠤ ᠣᠷᠣᠵᠤ ᠢᠷᠡᠭᠰᠡᠨ ᠨᠢ ᠪᠢᠳᠡᠨ ᠳᠤ ᠵᠡᠮᠳᠡᠭᠴᠦᠳ ᠤᠨ ᠠᠷᠠᠳ ᠲᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠦᠷᠭᠡᠵᠦ ᠥᠭᠭᠦᠭᠰᠡᠨ ᠢᠶᠠᠷ ᠪᠠᠷᠠᠬᠤ ᠦᠭᠡᠢ᠂ ᠪᠠᠰᠠ ᠪᠢᠳᠡᠨ ᠳᠤ ᠵᠡᠮᠳᠡᠭ | ᠲᠤᠰᠠᠯᠠᠬᠤ ᠪᠠᠭᠠᠵᠢ ᠬᠡᠷᠡᠭᠰᠡᠯ ᠨᠡᠮᠡᠷᠢᠯᠡᠭᠰᠡᠨ ᠪᠠᠶᠢᠨ᠎ᠠ᠂ ᠡᠳᠡᠭᠡᠷ ᠬᠠᠯᠠᠭᠤᠨ ᠳᠤᠯᠠᠭᠠᠨ ᠨᠢ ᠪᠢᠳᠡᠨ ᠳᠤ | ᠢᠷᠡᠭᠡᠳᠦᠢ ᠶᠢᠨ ᠠᠮᠢᠳᠤᠷᠠᠯ ᠤᠨ ᠢᠲᠡᠭᠡᠯ ᠵᠣᠷᠢᠭ ᠢ ᠤᠯᠠᠮ ᠨᠡᠮᠡᠭᠳᠡᠭᠦᠯᠵᠦ᠂ ᠠᠮᠢᠳᠤᠷᠠᠯ ᠤᠯᠠᠮ ᠠᠴᠠ ᠤᠯᠠᠮ | ᠰᠠᠶᠢᠵᠢᠷᠠᠬᠤ ᠪᠣᠯᠤᠨ᠎ᠠ︾ ᠭᠡᠵᠡᠢ᠃ | ᠲᠤᠰ ᠤᠳᠠᠭᠠᠨ ᠤ ᠴᠠᠭᠠᠨ ᠰᠠᠷ᠎ᠠ ᠳᠤ ᠵᠡᠮᠳᠡᠭᠴᠦᠳ ᠢ ᠲᠣᠬᠤᠨᠢᠭᠤᠯᠬᠤ ᠠᠵᠢᠯᠯᠠᠭ᠎ᠠ ᠳᠤ ᠨᠡᠶᠢᠲᠡ 22 ᠬᠤᠪᠢ | ᠠᠮᠤ ᠪᠤᠳᠠᠭ᠎ᠠ ᠭᠤᠯᠢᠷ ᠲᠣᠰᠣ ᠵᠡᠷᠭᠡ ᠲᠣᠬᠤᠨᠢᠭᠤᠯᠬᠤ ᠪᠣᠳᠠᠰ ᠬᠦᠷᠭᠡᠪᠡ᠃ ᠵᠡᠮᠳᠡᠭᠴᠦᠳ ᠤᠨ ᠭᠡᠷ ᠪᠦᠯᠢ ᠳᠤ | ᠦᠨᠡᠨ ᠪᠣᠳᠠᠲᠠᠢ ᠬᠠᠪᠰᠤᠷᠤᠯᠭ᠎ᠠ ᠦᠵᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠢᠬᠤᠯᠠ ᠨᠢ ᠨᠠᠮ ᠪᠠ ᠵᠠᠰᠠᠭ ᠤᠨ | ᠣᠷᠳᠣᠨ ᠤ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠵᠡᠮᠳᠡᠭᠴᠦᠳ ᠯᠦᠭᠡ ᠶᠢᠨ ᠬᠤᠭᠤᠷᠣᠨᠳᠣᠬᠢ ᠵᠠᠢ ᠶᠢ ᠤᠯᠠᠮ ᠨᠢᠭᠡ | ᠠᠯᠬᠤᠮ ᠣᠶᠢᠷᠠᠲᠤᠭᠤᠯᠵᠤ᠂ ᠨᠢᠭᠲᠠᠷᠠᠯ ᠤᠨ ᠬᠦᠴᠦᠨ ᠪᠠ ᠲᠥᠪᠯᠡᠩᠭᠦᠢ ᠬᠦᠴᠦᠨ ᠢ ᠴᠢᠩᠭᠠᠷᠠᠭᠤᠯᠤᠭᠰᠠᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠬᠤᠸᠠᠢ ᠱᠦᠸᠧ ᠪᠠᠯᠭᠠᠰᠤ ᠦᠷᠭᠦᠯᠵᠢᠯᠡᠨ ᠵᠡᠮᠳᠡᠭᠴᠦᠳ ᠤᠨ ᠦᠢᠯᠡᠰ ᠤᠨ | ᠬᠥᠭᠵᠢᠯᠲᠡ ᠶᠢ ᠴᠢᠬᠤᠯᠠ ᠪᠠᠶᠢᠷᠢᠨ ᠳᠤ ᠲᠠᠯᠪᠢᠵᠤ᠂ ᠬᠦᠴᠢᠷᠳᠡᠯᠲᠡᠢ ᠵᠡᠮᠳᠡᠭᠴᠦᠳ ᠵᠡᠷᠭᠡ ᠬᠠᠶᠢᠷ᠎ᠠ ᠬᠠᠯᠠᠮᠵᠢ ᠶᠢᠨ | ᠡᠲᠡᠭᠡᠳ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠵᠡᠮᠳᠡᠭᠴᠦᠳ ᠢ ᠬᠠᠪᠰᠤᠷᠤᠨ ᠵᠡᠮᠳᠡᠭᠴᠦᠳ ᠢ | ᠲᠡᠳᠬᠦᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ | ᠵᠡᠮᠳᠡᠭᠴᠦᠳ ᠲᠤ ᠨᠡᠩ ᠣᠯᠠᠨ᠂ ᠨᠡᠩ ᠪᠣᠳᠠᠲᠠᠢ᠂ ᠨᠡᠩ ᠳᠣᠲᠣᠨᠣ ᠬᠠᠪᠰᠤᠷᠤᠯᠭ᠎ᠠ ᠪᠠ ᠳᠡᠮᠵᠢᠯᠭᠡ ᠬᠠᠩᠭᠠᠵᠤ᠂ | ᠲᠡᠳᠡᠨ ᠤ ᠴᠢᠷᠠᠢ ᠶᠢ ᠨᠡᠩ ᠵᠣᠯ ᠵᠢᠷᠭᠠᠯ ᠤᠨ ᠢᠨᠢᠶᠡᠮᠰᠦᠭᠯᠡᠯ ᠲᠣᠳᠣᠷᠠᠭᠤᠯᠤᠨ᠎ᠠ᠃ | | |