ᠡᠨᠡ ᠵᠢᠯ ᠠᠴᠠ ᠨᠠᠰᠢ᠂ ᠰᠢᠶᠠ ᠱᠢ ᠬᠤᠣ ᠪᠠᠯᠭᠠᠰᠤ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ | ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠶᠢ ︽ᠭᠤᠷᠪᠠᠨ ᠦᠯᠦ ᠢᠯᠵᠠᠷᠠᠬᠤ︾ ᠰᠠᠭᠤᠷᠢ ᠢᠨᠵᠧᠨᠧᠷᠢᠩ | ᠪᠣᠯᠭᠠᠵᠤ᠂ ︽ᠨᠤᠲᠤᠭ ᠤᠨ ᠦᠨᠦᠷ ᠠᠮᠲᠠ︾ ᠵᠡᠷᠭᠡ ᠣᠨᠴᠠᠯᠢᠭ ᠢ ᠪᠣᠳᠣᠯᠬᠢᠯᠠᠵᠤ᠂ ᠲᠤᠰ ᠭᠠᠵᠠᠷ ᠤᠨ | ᠤᠯᠠᠮᠵᠢᠯᠠᠯᠲᠤ ᠰᠣᠶᠣᠯ᠂ ᠬᠤᠪᠢᠰᠬᠠᠯ ᠤᠨ ᠰᠣᠶᠣᠯ᠂ ᠠᠷᠠᠳ ᠤᠨ ᠵᠠᠩ ᠦᠢᠯᠡ ᠶᠢᠨ ᠰᠣᠶᠣᠯ ᠤᠨ ᠳᠤᠮᠳᠠᠬᠢ ︽ | ᠤᠯᠠᠭᠠᠨ︾ ︽ᠠᠷᠢᠭᠤᠨ ᠴᠢᠬᠡᠴᠢ︾ ᠡᠯᠧᠮᠧᠨ᠋ᠲ ᠢ ᠭᠦᠨᠵᠡᠭᠡᠢ ᠠᠭᠤᠳᠠᠯᠵᠤ᠂ ᠦᠵᠡᠯ ᠰᠠᠨᠠᠭ᠎ᠠ ᠨᠢ ᠠᠷᠢᠭᠤᠨ | ᠴᠢᠬᠡᠴᠢ ᠶᠢ ᠲᠤᠰᠠᠯᠠᠬᠤ᠂ ᠵᠢᠭᠰᠠᠭᠠᠯ ᠤᠨ ᠭᠠᠵᠠᠷ ᠨᠢ ᠠᠷᠢᠭᠤᠨ ᠴᠢᠬᠡᠴᠢ ᠶᠢ ᠡᠷᠬᠢᠮᠯᠡᠬᠦ᠂ ᠰᠣᠶᠣᠯ ᠢ ᠡᠷᠬᠢᠮᠯᠡᠵᠦ | ᠠᠷᠢᠭᠤᠨ ᠴᠢᠬᠡᠴᠢ ᠶᠢ ᠦᠢᠯᠡᠳᠦᠯᠭᠡᠵᠢᠭᠦᠯᠬᠦ ᠭᠦᠨ ᠵᠤᠵᠠᠭᠠᠨ ᠠᠭᠤᠷ ᠠᠮᠢᠰᠬᠤᠯ ᠢ ᠶᠡᠬᠡᠪᠡᠷ ᠪᠣᠢ ᠪᠣᠯᠭᠠᠪᠠ᠃ | ᠨᠣᠮᠯᠠᠯ ᠢᠶᠠᠷ ᠠᠷᠢᠭᠤᠨ ᠴᠢᠬᠡᠴᠢ ᠪᠠᠶᠢᠬᠤ ᠶᠢ ᠰᠡᠷᠭᠦᠭᠡᠵᠦ᠂ ᠰᠦᠷᠳᠡᠭᠦᠯᠬᠦ ᠬᠦᠴᠦᠨ ᠢ ᠳᠡᠭᠡᠭᠰᠢᠯᠡᠭᠦᠯᠬᠦ ᠬᠡᠷᠡᠭ ᠤᠨ | ᠵᠢᠱᠢᠶ᠎ᠡ ᠪᠣᠯ ᠬᠠᠮᠤᠭ ᠤᠨ ᠰᠠᠶᠢᠨ ᠰᠤᠷᠬᠤ ᠪᠢᠴᠢᠭ ᠮᠥᠨ᠂ ᠪᠠᠰᠠ ᠴᠤ ᠬᠠᠮᠤᠭ ᠤᠨ ᠰᠠᠶᠢᠨ ᠰᠡᠬᠡᠭᠡᠷᠡᠭᠦᠯᠬᠦ ᠡᠮ | ᠮᠥᠨ᠃ ᠡᠨᠡ ᠵᠢᠯ ᠠᠴᠠ ᠨᠠᠰᠢ᠂ ᠰᠢᠶᠠ ᠱᠢ ᠬᠤᠤ ᠪᠠᠯᠭᠠᠰᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ 7 | ᠤᠳᠠᠭ᠎ᠠ ᠬᠤᠷᠠᠯᠳᠤᠭᠤᠯᠵᠤ᠂ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ 15 ᠵᠠᠳᠠᠯᠤᠨ | ᠰᠢᠨᠵᠢᠯᠡᠵᠦ᠂ ᠳᠡᠷᠭᠡᠳᠡᠬᠢ ᠬᠥᠮᠦᠰ ᠤᠨ ᠢᠶᠠᠨ ︽ᠪᠡᠶ᠎ᠡ ᠪᠠᠷ ᠢᠶᠠᠨ ᠶᠠᠷᠢᠬᠤ︾ ᠪᠠᠷ ᠳᠠᠮᠵᠢᠭᠤᠯᠤᠨ᠂ ᠬᠡᠷᠡᠭ ᠢᠶᠠᠷ | ᠲᠣᠯᠢ ᠪᠣᠯᠭᠠᠬᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ᠂ ᠬᠡᠷᠡᠭ ᠢᠶᠠᠷ ᠰᠠᠬᠢᠯᠭ᠎ᠠ ᠪᠠᠲᠤ ᠶᠢ ᠲᠠᠶᠢᠯᠪᠤᠷᠢᠯᠠᠬᠤ ᠶᠢ | ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ︽ᠢᠯᠵᠠᠷᠠᠬᠤ ᠶᠢ ᠪᠣᠳᠣᠬᠤ ᠦᠭᠡᠢ︾ ᠦᠵᠡᠯ ᠰᠠᠨᠠᠭᠠᠨ ᠤ | ᠬᠠᠰᠢᠯᠭ᠎ᠠ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠠᠷᠢᠭᠤᠨ ᠴᠢᠬᠡᠴᠢ ᠰᠣᠶᠣᠯ ᠤᠨ ᠬᠥᠮᠦᠵᠢᠯ ᠤᠨ ᠴᠠᠭ | ᠬᠤᠭᠤᠴᠠᠭᠠᠲᠤ ᠴᠢᠨᠠᠷ ᠪᠠ ᠬᠠᠨᠳᠤᠯᠭᠠᠲᠤ ᠴᠢᠨᠠᠷ ᠢ ᠲᠠᠰᠤᠷᠠᠯᠲᠠ ᠦᠭᠡᠢ ᠴᠢᠩᠭᠠᠳᠬᠠᠪᠠ᠃ ᠠᠷᠢᠭᠤᠨ ᠴᠢᠬᠡᠴᠢ ᠪᠠᠷ | ᠵᠠᠰᠠᠭ ᠪᠠᠷᠢᠬᠤ ᠶᠢ ᠰᠠᠨᠠᠭᠤᠯᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ ᠬᠡᠷᠡᠭᠲᠡᠢ᠃ ᠪᠠᠯᠭᠠᠰᠤᠨ ᠤ | ᠨᠠᠮ ᠤᠨ ᠬᠤᠷᠢᠶᠠᠨ ᠤ ᠱᠦᠵᠢ ᠪᠣᠯᠤᠨ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ | ᠤᠳᠤᠷᠢᠳᠬᠤ ᠪᠠᠭ ᠤᠨ ᠪᠦᠷᠢᠯᠳᠦᠬᠦᠨ᠂ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷ᠂ ᠡᠯ᠎ᠡ ᠲᠣᠰᠬᠤᠨ ᠤ | ᠠᠷᠠᠳ ᠤᠨ ᠵᠥᠪᠯᠡᠯ ᠤᠨ ︽ᠨᠢᠭᠡᠳᠦᠭᠡᠷ ᠭᠠᠷ︾ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠂ ᠡᠯ᠎ᠡ | ᠤᠳᠤᠷᠢᠳᠤᠯᠭ᠎ᠠ ᠬᠤᠪᠢᠳᠠᠨ ᠬᠠᠮᠢᠶᠠᠷᠴᠤ ᠪᠠᠶᠢᠭ᠎ᠠ ᠠᠵᠢᠯᠲᠠᠳ ᠲᠤ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ | ᠨᠢᠭᠡ ᠡᠭᠡᠯᠵᠢ ᠤᠳᠠᠭ᠎ᠠ ᠶᠠᠷᠢᠯᠴᠠᠪᠠ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠳᠠᠩᠰᠠ ᠡᠪᠬᠡᠮᠡᠯ ᠢ ᠲᠠᠰᠤᠷᠠᠯᠲᠠ | ᠥᠬᠡᠶ ᠰᠢᠨᠡᠳᠬᠡᠨ ᠲᠡᠭᠦᠯᠳᠡᠷᠵᠢᠭᠦᠯᠵᠦ᠂ ︽ᠠᠷᠢᠭᠤᠨ ᠴᠢᠬᠡᠴᠢ︾ ᠶᠢᠨ ᠰᠠᠭᠤᠷᠢ ᠲᠤᠭ᠎ᠠ ᠶᠢ ᠲᠣᠳᠣᠷᠬᠠᠢ | ᠣᠶᠢᠯᠠᠭᠠᠨ᠂ ᠤᠳᠤᠷᠢᠳᠬᠤ ᠺᠠᠳ᠋ᠷᠴᠤᠳ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠳᠠᠯ ᠢ ᠴᠠᠭ | ᠲᠤᠬᠠᠢ ᠳᠤᠨᠢ ᠣᠨᠣᠪᠴᠢᠲᠠᠢ ᠡᠵᠡᠮᠰᠢᠬᠦ ᠬᠡᠷᠡᠭᠲᠡᠢ᠃ ᠰᠢᠰᠲ᠋ᠧᠮᠵᠢᠭᠦᠯᠦᠨ ᠬᠤᠷᠠᠮᠳᠤᠭᠤᠯᠵᠤ᠂ ᠬᠠᠮᠵᠢᠯᠴᠠᠨ ᠬᠦᠴᠦᠯᠡᠬᠦ | ᠰᠤᠷᠭᠠᠨ ᠬᠥᠮᠦᠵᠢᠯ ᠤᠨ ᠬᠡᠯᠬᠢᠶ᠎ᠡ ᠶᠢ ᠪᠦᠷᠢᠯᠳᠦᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠣᠶᠤᠨ ᠤᠬᠠᠭᠠᠨ ᠢ | ᠰᠡᠷᠭᠦᠭᠡᠬᠦ ᠬᠡᠷᠡᠭᠲᠡᠢ᠃ | ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯ ᠠᠷᠢᠭᠤᠨ ᠴᠢᠬᠡᠴᠢ ᠰᠣᠶᠣᠯ ᠢ ᠤᠯᠠᠮᠵᠢᠯᠠᠬᠤ | ᠴᠢᠬᠤᠯᠠ ᠰᠠᠭᠤᠷᠢ ᠮᠥᠨ᠂ ᠰᠢᠶᠠ ᠱᠢ ᠬᠤᠤ ᠪᠠᠯᠭᠠᠰᠤ ᠲᠤᠰ ᠭᠠᠵᠠᠷ ᠣᠷᠣᠨ ᠤ ᠪᠠᠨ ᠰᠢᠯᠢᠳᠡᠭ ᠤᠯᠠᠮᠵᠢᠯᠠᠯᠲᠤ | ᠰᠣᠶᠣᠯ ᠪᠣᠯᠤᠨ ᠬᠤᠪᠢᠰᠬᠠᠯ ᠤᠨ ᠰᠣᠶᠣᠯ ᠢ ᠭᠦᠨᠵᠡᠭᠡᠢ ᠠᠭᠤᠳᠠᠯᠵᠤ᠂ ᠳ᠋ᠠ ᠢᠩᠲᠦ ᠲᠣᠰᠬᠤᠨ᠂ ᠫᠧᠩ ᠳ᠋ᠧ ᠳ᠋ᠠ | ᠪᠡᠶ᠎ᠡ ᠦᠷᠡᠭᠳᠡᠭᠰᠡᠨ ᠭᠠᠵᠠᠷ᠂ ᠯᠢ ᠡᠯ ᠭᠧᠦ ᠪᠠᠶᠢᠯᠳᠤᠭᠠᠨ ᠤ ᠭᠠᠵᠠᠷ ᠤᠨ ᠡᠮᠨᠡᠯᠭᠡ ᠶᠢᠨ ᠬᠤᠷᠢᠶ᠎ᠡ᠂ ᠾᠧᠦ ᠶᠣᠣ | ᠽᠢ ᠶᠢᠨ ᠶᠠᠫᠣᠨ ᠢ ᠡᠰᠡᠷᠭᠦᠴᠡᠬᠦ ᠳᠠᠶᠢᠨ ᠤ ᠪᠠᠭᠤᠷᠢ ᠵᠡᠷᠭᠡ ᠬᠤᠪᠢᠰᠬᠠᠯ ᠤᠨ ᠡᠬᠢ ᠪᠠᠶᠠᠯᠢᠭ ᠢ ᠨᠢᠭᠡᠳᠬᠡᠵᠤ᠂ | ᠬᠤᠪᠢᠰᠬᠠᠯ ᠤᠨ ᠬᠥᠮᠦᠵᠢᠯ ᠤᠨ ᠤᠬᠠᠭᠤᠯᠭ᠎ᠠ ᠶᠢ ᠪᠠᠳᠠᠷᠠᠭᠤᠯᠬᠤ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠢ | ᠪᠠᠶᠢᠭᠤᠯᠵᠤ᠂ ᠰᠢᠶᠠ ᠱᠢ ᠬᠤᠤ ᠪᠠᠯᠭᠠᠰᠤᠨ ᠤ ᠳ᠋ᠠ ᠶᠢᠩ ᠳᠦᠨ ᠤ ᠬᠤᠪᠢᠰᠬᠠᠯ ᠤᠨ ᠰᠣᠶᠣᠯ ᠤᠨ | ᠦᠵᠡᠰᠬᠦᠯᠡᠩ ᠤᠨ ᠣᠷᠳᠣᠨ ᠢ ᠲᠣᠭᠤᠷᠢᠨ ᠦᠵᠡᠬᠦ᠂ ᠰᠤᠷᠤᠯᠴᠠᠬᠤ᠂ ᠪᠡᠶᠡᠴᠢᠯᠡᠨ ᠣᠶᠢᠯᠠᠭᠠᠬᠤ ᠶᠢ ᠨᠢᠭᠡ | ᠴᠣᠭᠴᠠᠵᠢᠭᠤᠯᠤᠭᠰᠠᠨ ᠠᠷᠢᠭᠤᠨ ᠴᠢᠬᠡᠴᠢ ᠰᠣᠶᠣᠯ ᠤᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ | ᠪᠣᠯᠭᠠᠵᠤ᠂ ᠴᠡᠭ ᠢᠶᠠᠷ ᠨᠡᠶᠢᠳᠡᠮ ᠢ ᠲᠠᠶᠢᠴᠢᠯᠠᠪᠠ᠃ ︽ᠬᠤᠪᠢᠰᠬᠠᠯᠲᠤ ᠠᠷᠢᠭᠤᠨ ᠴᠢᠬᠡᠴᠢ︾ ᠶᠢᠨ ᠪᠥᠭᠡᠮᠨᠡᠷᠡᠯ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠵᠤ᠂ ᠠᠷᠢᠭᠤᠨ ᠴᠢᠬᠡᠴᠢ ᠶᠢᠨ | ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠠᠷᠢᠭᠤᠨ ᠴᠢᠬᠡᠴᠢ ᠲᠥᠪ ᠰᠤᠷᠲᠠᠯ ᠢ ᠪᠠᠳᠠᠷᠠᠭᠤᠯᠤᠨ᠎ᠠ᠃ | ᠭᠤᠸᠠᠨ ᠳ᠋ᠢ ᠲᠣᠰᠬᠤᠨ ᠤ ᠨᠠᠮ ᠤᠨ ᠬᠤᠷᠢᠶ᠎ᠡ ᠳᠤ ᠬᠤᠪᠢᠰᠬᠠᠯ ᠤᠨ ᠰᠣᠶᠣᠯ ᠤᠨ ᠠᠭᠤᠳᠠᠮ ᠲᠠᠯᠠᠪᠠᠢ ᠪᠠᠶᠢᠭᠤᠯᠵᠤ᠂ | ᠠᠷᠢᠭᠤᠨ ᠴᠢᠬᠡᠴᠢ ᠰᠣᠶᠣᠯ ᠤᠨ ᠵᠢᠭᠰᠠᠭᠠᠯ ᠤᠨ ᠭᠠᠵᠠᠷ 1 ᠶᠢ ᠪᠠᠶᠢᠭᠤᠯᠵᠤ᠂ ᠠᠷᠢᠭᠤᠨ ᠴᠢᠬᠡᠴᠢ ᠰᠣᠶᠣᠯ ᠢ | ᠬᠥᠳᠡᠭᠡ ᠲᠣᠰᠬᠤᠨ ᠳᠤ ᠣᠷᠣᠭᠤᠯᠬᠤ ᠶᠢ ᠠᠬᠢᠭᠤᠯᠵᠤ᠂ ᠵᠢᠭᠰᠠᠭᠠᠯ ᠤᠨ ᠭᠠᠵᠠᠷ ᠤᠨ ᠠᠷᠢᠭᠤᠨ ᠴᠢᠬᠡᠴᠢ | ᠴᠢᠳᠠᠮᠵᠢ ᠶᠢ ᠪᠠᠳᠠᠷᠠᠭᠤᠯᠪᠠ᠃ | ᠰᠣᠶᠣᠯ ᠢ ᠨᠢ ᠤᠮᠳᠠᠯᠠᠵᠤ᠂ ᠠᠷᠢᠭᠤᠨ ᠴᠢᠭᠴᠢ ᠶᠢ ᠨᠢ ᠪᠠᠲᠤᠳᠬᠠᠬᠤ᠃ ᠰᠢᠶᠠ ᠱᠢ ᠬᠤᠤ ᠪᠠᠯᠭᠠᠰᠤ ᠠᠯᠪᠠᠨ | ᠠᠰᠠᠷ ᠤᠨ ᠨᠢᠭᠡᠳᠦᠭᠡᠷ ᠳᠠᠪᠬᠤᠷᠯᠢᠭ ᠲᠤ ᠠᠷᠢᠭᠤᠨ ᠴᠢᠬᠡᠴᠢ ᠰᠣᠶᠣᠯ ᠤᠨ ᠬᠤᠩᠭᠢᠯ ᠢ ᠨᠠᠷᠢᠨ ᠨᠢᠮᠪᠠᠢ ᠪᠠᠶᠢᠭᠤᠯᠵᠤ᠂ | ᠠᠷᠢᠭᠤᠨ ᠴᠢᠬᠡᠴᠢ ᠰᠣᠶᠣᠯ ᠢ ᠨᠢᠳᠦᠨ ᠳᠤ ᠬᠤᠨᠣᠭᠰᠢᠭᠤᠯᠤᠨ᠂ ᠲᠠᠷᠢᠬᠢ ᠲᠣᠯᠣᠭᠠᠢ ᠳᠤ ᠬᠠᠳᠠᠩᠰᠢᠭᠤᠯᠵᠤ᠂ | ᠠᠷᠢᠭᠤᠨ ᠴᠢᠬᠡᠴᠢ ᠪᠠᠷ ᠢᠷᠠᠭᠤ ᠠᠯᠳᠠᠷ ᠪᠣᠯᠭᠠᠬᠤ ᠬᠡᠪ ᠰᠤᠷᠲᠠᠯ ᠤᠨ ᠠᠭᠤᠷ ᠠᠮᠢᠰᠬᠤᠯ ᠢ ᠪᠣᠢ ᠪᠣᠯᠭᠠᠵᠤ᠂ ︽ | ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠣᠳᠣᠬᠤ ᠦᠭᠡᠢ︾ ︽ᠠᠷᠢᠭᠤᠨ | ᠴᠢᠬᠡᠴᠢ ᠰᠡᠷᠭᠡᠶᠢᠯᠡᠯᠲᠡ ᠶᠢᠨ ᠬᠡᠷᠡᠮ︾ ᠢ ᠪᠠᠲᠤ ᠴᠣᠭᠴᠠᠯᠠᠨ᠎ᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ | ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠢ 1 ᠤᠳᠠᠭ᠎ᠠ ᠶᠠᠷᠢᠵᠤ᠂ ᠨᠠᠮ ᠤᠨ ᠭᠡᠰᠢᠭᠦᠨ | ᠺᠠᠳ᠋ᠷᠴᠤᠳ ᠤᠨ ᠠᠷᠢᠭᠤᠨ ᠴᠢᠬᠡᠴᠢ ᠶᠢᠨ ᠤᠬᠠᠮᠰᠠᠷ ᠢᠶᠠᠨ ᠴᠢᠩᠭᠠᠳᠬᠠᠬᠤ ᠶᠢ ᠬᠥᠲᠥᠯᠥᠨ ᠵᠢᠯᠣᠭᠤᠳᠴᠤ᠂ ᠠᠷᠢᠭᠤᠨ | ᠴᠢᠬᠡᠴᠢ ᠮᠥᠨ ᠴᠢᠨᠠᠷ ᠢᠶᠠᠨ ᠡᠭᠦᠷᠢᠳᠡ ᠬᠠᠳᠠᠭᠠᠯᠠᠪᠠ᠃ ᠸᠢᠴᠠᠲ ᠤᠨ ᠣᠯᠠᠨ ᠨᠡᠶᠢᠲᠡ ᠶᠢᠨ ᠲᠠᠪᠴᠠᠩ ᠳᠤ ᠠᠷᠢᠭᠤᠨ | ᠴᠢᠬᠡᠴᠢ ᠰᠣᠶᠣᠯ ᠤᠨ ᠬᠠᠮᠢᠶ᠎ᠠ ᠪᠦᠬᠦᠢ ᠵᠣᠬᠢᠶᠠᠯ ᠢ 30 ᠭᠠᠷᠤᠢ ᠬᠤᠪᠢ ᠰᠢᠯᠵᠢᠬᠦᠯᠦᠨ ᠨᠡᠶᠢᠲᠡᠯᠡᠵᠦ᠂ ᠴᠡᠪᠡᠷ | ᠴᠢᠬᠡᠴᠢ ᠬᠡᠪ ᠰᠤᠷᠲᠠᠯ ᠢ ᠪᠠᠳᠠᠷᠠᠭᠤᠯᠤᠶ᠎ᠠ᠃ | ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠡᠭᠦᠷᠢᠳᠡ ᠵᠣᠭᠰᠣᠰᠢ ᠦᠭᠡᠢ᠃ ᠳᠠᠷᠠᠭᠠᠴᠢ ᠶᠢᠨ ᠠᠯᠬᠤᠮ ᠳᠤ | ᠂ ᠰᠢᠶᠠ ᠱᠢ ᠬᠤᠤ ᠪᠠᠯᠭᠠᠰᠤ ᠦᠷᠭᠦᠯᠵᠢᠯᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠲᠤᠬᠠᠢ | ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ | ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠠᠷᠢᠭᠤᠨ ᠴᠢᠬᠡᠴᠢ ᠪᠠᠷ ᠵᠠᠰᠠᠭ ᠪᠠᠷᠢᠬᠤ ᠣᠶᠢᠯᠠᠭᠠᠭᠳᠠᠬᠤᠨ ᠢ | ᠪᠠᠲᠤ ᠪᠣᠢ ᠪᠣᠯᠭᠠᠵᠤ᠂ ᠠᠷᠢᠭᠤᠨ ᠴᠢᠬᠡᠴᠢ ᠰᠣᠶᠣᠯ ᠤᠨ ᠰᠠᠭᠤᠷᠢ ᠶᠢ ᠪᠠᠬᠢᠵᠢᠭᠦᠯᠵᠦ᠂ ᠰᠢᠨ᠎ᠡ ᠴᠠᠭ ᠦᠶ᠎ᠡ ᠶᠢᠨ | ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠯᠠᠪᠳᠠᠭᠤᠨ ᠪᠠᠲᠤᠲᠠᠢ ᠠᠬᠢᠭᠤᠯᠤᠨ᠎ᠠ᠃ | |