ᠬᠠᠭᠤᠴᠢᠨ ᠵᠢᠯ ᠤᠨ ᠡᠴᠦᠰ ᠰᠢᠨ᠎ᠡ ᠵᠢᠯ ᠤᠨ ᠡᠬᠢᠨ ᠤ ᠲᠠᠰᠢᠷᠠᠮ ᠢᠶᠠᠷ᠂ ᠭᠦᠶᠡᠩ ᠰᠢᠶᠠᠨ ᠤ ᠰᠣᠶᠣᠯ ᠤᠨ | ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠴᠢᠩᠭᠠᠳᠬᠠᠵᠤ᠂ ᠠᠵᠢᠯᠯᠠᠵᠤ ᠪᠠᠶᠢᠭ᠎ᠠ | ᠬᠥᠮᠦᠰ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠣᠯᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠴᠢᠳᠠᠪᠤᠷᠢ ᠶᠢ ᠨᠡᠮᠡᠭᠳᠡᠭᠦᠯᠵᠦ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠭᠠᠯ ᠤᠨ ᠭᠠᠮᠰᠢᠭ ᠤᠨ | ᠠᠳᠠᠯ ᠭᠠᠷᠬᠤ ᠶᠢ ᠪᠦᠲᠦᠮᠵᠢᠲᠡᠢ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ ᠰᠢᠶᠠᠨ ᠤ ᠨᠠᠮ ᠤᠨ ᠬᠤᠷᠢᠶᠠᠨ ᠤ | ᠤᠬᠠᠭᠤᠯᠬᠤ ᠬᠡᠯᠲᠡᠰ᠂ ᠰᠢᠶᠠᠨ ᠤ ᠰᠣᠶᠣᠯ ᠵᠤᠭᠠᠴᠠᠯ ᠤᠨ ᠲᠣᠪᠴᠢᠶ᠎ᠠ ᠂ ᠰᠢᠶᠠᠨ ᠤ ᠭᠠᠯ ᠤᠨᠲᠠᠷᠠᠭᠠᠬᠤ ᠶᠡᠭᠡ | ᠠᠩᠭᠢ ᠲᠠᠢ ᠬᠠᠮᠲᠤᠷᠠᠨ 1 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ ᠭᠠᠯ ᠤᠨᠲᠠᠷᠠᠭᠠᠬᠤ ᠠᠮᠤᠷ | ᠲᠦᠪᠰᠢᠨ ᠤ ᠪᠣᠯᠪᠠᠰᠤᠷᠠᠯ ᠰᠣᠷᠢᠯᠲᠠ ᠶᠢᠨ ᠠᠵᠢᠯᠯᠠᠭ᠎ᠠ ᠥᠷᠨᠢᠭᠦᠯᠵᠦ᠂ ᠪᠥᠬᠦ ᠰᠢᠶᠠᠨ ᠤ ᠬᠡᠪᠯᠡᠯ᠂ ᠰᠦᠯᠵᠢᠶᠡᠨ ᠤ | ᠪᠠᠭᠠᠷ᠂ ᠺᠢᠨᠣ᠋ ᠶᠢᠨ ᠣᠷᠳᠣᠨ᠂ ᠨᠣᠮ ᠤᠨ ᠳᠡᠯᠭᠡᠭᠦᠷ ᠵᠡᠷᠭᠡ 71 ᠠᠵᠤ ᠠᠬᠤᠶᠢᠯᠠᠯ ᠤᠨ ᠬᠠᠷᠢᠭᠤᠴᠠᠯᠭᠠᠲᠠᠨ | ᠣᠷᠣᠯᠴᠠᠪᠠ᠃ | ᠪᠣᠯᠪᠠᠰᠤᠷᠠᠭᠤᠯᠤᠯ ᠰᠣᠷᠢᠯᠲᠠ ᠶᠢᠨ ᠬᠤᠭᠤᠴᠠᠭᠠᠨ ᠳᠤ᠂ ᠰᠢᠶᠠᠨ ᠤ ᠭᠠᠯ ᠤᠨᠲᠠᠷᠠᠭᠠᠬᠤ ᠶᠡᠭᠡ ᠠᠩᠭᠢ ᠶᠢᠨ | ᠠᠵᠢᠯᠲᠠᠳ ᠬᠡᠷᠡᠭ ᠤᠨ ᠵᠢᠱᠢᠶ᠎ᠡ ᠶᠢ ᠵᠠᠳᠠᠯᠬᠤ᠂ ᠣᠨᠣᠯ ᠤᠨ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠭᠠᠯ | ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ᠂ ᠬᠠᠮᠠᠭᠠᠯᠠᠵᠤ ᠪᠠᠶᠢᠴᠠᠭᠠᠬᠤ ᠪᠠᠷᠢᠮᠵᠢᠶ᠎ᠠ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠷᠭ᠎ᠠ ᠪᠠᠷᠢᠯ ᠵᠡᠷᠭᠡ ᠠᠮᠤᠷ ᠲᠦᠪᠰᠢᠨ ᠤ ᠮᠡᠳᠡᠯᠭᠡ ᠶᠢᠨ ᠬᠢᠴᠢᠶᠡᠯ ᠣᠷᠣᠵᠤ | ᠪᠣᠯᠪᠠᠰᠤᠷᠠᠭᠤᠯᠤᠯ ᠬᠢᠵᠦ᠂ ᠡᠯ᠎ᠡ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠪᠠ᠃ ᠡᠭᠦᠨ ᠤ ᠬᠠᠮᠲᠤ᠂ ᠪᠣᠯᠪᠠᠰᠤᠷᠠᠭᠤᠯᠤᠯ ᠳᠤ ᠣᠷᠣᠯᠴᠠᠭᠰᠠᠳ ᠢ | ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠰᠣᠷᠢᠯᠲᠠ ᠬᠢᠵᠦ᠂ ᠲᠤᠬᠠᠢ ᠶᠢᠨ ᠲᠠᠯᠠᠪᠤᠷ ᠲᠤ ᠭᠠᠯ ᠤᠨᠲᠠᠷᠠᠭᠠᠬᠤ | ᠪᠠᠭᠠᠵᠢ ᠬᠡᠷᠡᠭᠰᠡᠯ ᠢ ᠠᠵᠢᠯᠯᠠᠭᠤᠯᠤᠨ ᠬᠡᠷᠡᠭᠯᠡᠬᠦ ᠠᠷᠭ᠎ᠠ ᠶᠢ ᠵᠢᠱᠢᠶ᠎ᠡ ᠦᠵᠡᠭᠦᠯᠵᠦ᠂ ᠪᠣᠯᠪᠠᠰᠤᠷᠠᠭᠤᠯᠤᠯ ᠳᠤ | ᠣᠷᠣᠯᠴᠠᠭᠰᠠᠳ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃ | ᠳᠠᠷᠠᠭᠠᠴᠢ ᠶᠢᠨ ᠠᠯᠬᠤᠮ ᠳᠤ᠂ ᠭᠦᠶᠡᠩ ᠰᠢᠶᠠᠨ ᠰᠣᠶᠣᠯ ᠤᠨ ᠭᠤᠣᠯᠳᠠᠯᠭ᠎ᠠ ᠲᠠᠢ ᠠᠵᠢᠯ ᠲᠥᠷᠥᠯ ᠪᠣᠯᠤᠨ | ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠥᠷᠨᠢᠭᠦᠯᠵᠦ᠂ ᠠᠮᠤᠷ ᠲᠦᠪᠰᠢᠨ ᠤ ᠭᠡᠮ ᠰᠣᠭᠤᠭ ᠢ | ᠠᠷᠢᠯᠭᠠᠵᠤ᠂ ᠭᠠᠯ ᠤᠨᠲᠠᠷᠠᠭᠠᠬᠤ ᠭᠡᠮ ᠰᠣᠭᠤᠭ ᠢ ᠬᠤᠷᠢᠭᠯᠠᠵᠤ᠂ ᠰᠣᠶᠣᠯ ᠵᠤᠭᠠᠴᠠᠯ ᠤᠨ ᠠᠵᠢᠯ ᠲᠥᠷᠥᠯ ᠤᠨ | ᠠᠮᠤᠷ ᠲᠦᠪᠰᠢᠨ ᠢ ᠪᠠᠲᠤᠯᠠᠬᠤ ᠪᠣᠯᠤᠨ᠎ᠠ᠃ | |