2024 ᠣᠨ ᠳᠤ᠂ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠶᠡᠷᠦᠩᠬᠡᠢ ᠱᠦᠵᠢ ᠰᠢ ᠶᠢᠨ | ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠨᠡᠶᠢᠲᠡᠯᠢᠭ ᠴᠢᠨᠠᠷ ᠢ ᠨᠡᠮᠡᠭᠳᠡᠭᠦᠯᠬᠦ ᠴᠢᠭᠯᠡᠯ ᠪᠣᠯᠤᠨ ︽ᠠᠭᠤᠰᠤᠯᠴᠠᠬᠤ︾ ᠢᠯᠡ ᠲᠣᠳᠣ | ᠤᠳᠤᠷᠢᠳᠤᠮᠵᠢ ᠶᠣᠰᠣᠭᠠᠷ᠂ ︽ᠲᠠᠪᠤ ᠶᠢ ᠠᠳᠬᠤᠵᠤ ᠲᠠᠪᠤ ᠶᠢ ᠠᠬᠢᠭᠤᠯᠬᠤ︾ ᠠᠵᠢᠯ ᠤᠨ ᠠᠷᠭ᠎ᠠ ᠶᠢ ᠰᠠᠶᠢᠲᠤᠷ | ᠬᠡᠷᠡᠭᠯᠡᠵᠦ᠂ ᠦᠨᠳᠦᠰᠦᠲᠡᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠪᠠ᠃ | ᠤᠬᠠᠭᠤᠯᠭ᠎ᠠ ᠬᠥᠮᠦᠵᠢᠯ ᠢ ᠠᠳᠬᠤᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠣᠨᠣᠯ | ᠲᠥᠷᠥ ᠶᠢᠨ ᠪᠣᠳᠣᠯᠭ᠎ᠠ ᠶᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ ᠦᠢᠯᠡ ᠠᠵᠢᠯᠯᠠᠭ᠎ᠠ ᠳᠠᠭᠠᠨ | ᠬᠠᠳᠠᠩᠰᠢᠭᠤᠯᠬᠤ ᠶᠢ ᠠᠬᠢᠭᠤᠯᠤᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠪᠥᠬᠦ ᠰᠢᠶᠠᠨ ᠤ ᠡᠯ᠎ᠡ ᠱᠠᠲᠤᠨ ᠤ ᠨᠠᠮ ᠤᠨ ᠬᠤᠷᠢᠶ᠎ᠡ ︵ᠨᠠᠮ ᠤᠨ ᠤᠳᠤᠷᠢᠳᠬᠤ | ᠳᠤᠭᠤᠶᠢᠯᠠᠩ︶ ᠶᠢᠨ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠨᠡᠶᠢᠲᠡ 150 ᠭᠠᠷᠤᠢ ᠤᠳᠠᠭ᠎ᠠ | ᠰᠤᠷᠤᠯᠴᠠᠬᠤ ᠶᠢ ᠠᠬᠢᠭᠤᠯᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠣᠳᠣᠨ ᠪᠦᠲᠦᠭᠡᠯ ᠤᠨ 30 | ᠵᠢᠱᠢᠶ᠎ᠡ ᠦᠵᠡᠭᠦᠯᠬᠦ ᠴᠡᠭ ᠢ ᠪᠠᠶᠢᠭᠤᠯᠵᠤ᠂ ︽ᠬᠠᠷᠢᠯᠴᠠᠨ ᠦᠵᠡᠵᠦ ᠬᠠᠷᠢᠯᠴᠠᠨ ᠰᠤᠷᠤᠯᠴᠠᠵᠤ ᠬᠠᠷᠢᠯᠴᠠᠨ | ᠪᠠᠶᠢᠴᠠᠭᠠᠬᠤ︾ ᠠᠵᠢᠯᠯᠠᠭ᠎ᠠ ᠶᠢ 3 ᠤᠳᠠᠭ᠎ᠠ ᠥᠷᠨᠢᠭᠦᠯᠪᠡ᠃ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠨᠡᠶᠢᠲᠡ ᠶᠢᠨ ᠭᠡᠷ᠎ᠡ︾ ᠶᠢ ᠨᠡᠶᠢᠲᠡᠯᠡᠵᠦ᠂ ᠮᠦᠯᠠᠨ | ᠵᠡᠭᠡᠯᠢ ᠶᠢᠨ ᠠᠭᠤᠳᠠᠮ ᠲᠠᠯᠠᠪᠠᠢ ᠵᠡᠷᠭᠡ 4 ᠵᠢᠵᠢᠭ ᠲᠠᠸᠠᠷ ᠢ ᠡᠭᠦᠳᠪᠡ᠃ ︽ᠢᠨᠲ᠋ᠧᠷ ᠰᠦᠯᠵᠢᠶᠡᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ︾ ᠶᠢᠨ ᠢᠨᠵᠧᠨᠧᠷᠢᠩ ᠢ ᠪᠦᠬᠦ ᠬᠦᠴᠦᠨ ᠢᠶᠠᠷ ᠠᠬᠢᠭᠤᠯᠵᠤ᠂ ︽ | ᠭᠦᠶᠡᠩ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ︾ ᠤᠨ ᠣᠯᠠᠨ ᠨᠡᠶᠢᠲᠡ ᠶᠢᠨ ᠲᠠᠪᠴᠠᠩ ᠢᠶᠠᠷ | ᠳᠠᠮᠵᠢᠭᠤᠯᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ | ᠪᠣᠯᠭᠠᠬᠤ︾᠂ ︽ᠦᠯᠢᠭᠡᠷ ᠳᠠᠭᠤᠷᠢᠶᠠᠯ ᠤᠨ ᠬᠦᠴᠦᠨ︾ ᠵᠡᠷᠭᠡ ᠲᠤᠰᠬᠠᠢ ᠪᠤᠯᠤᠩ ᠭᠠᠷᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠬᠤᠯᠪᠣᠭᠳᠠᠯ ᠪᠦᠬᠦᠢ | ᠠᠭᠤᠯᠭ᠎ᠠ ᠶᠢ ᠴᠠᠭ ᠲᠤᠬᠠᠢ ᠳᠤᠨᠢ ᠬᠦᠷᠭᠡᠪᠡ᠃ ᠪᠦᠬᠦ ᠵᠢᠯ ᠳᠤ 850 ᠭᠠᠷᠤᠢ ᠬᠤᠪᠢ ᠬᠤᠯᠪᠣᠭᠳᠠᠯ ᠪᠦᠬᠦᠢ ᠡᠬᠡ | ᠪᠢᠴᠢᠭ ᠢ ᠨᠡᠶᠢᠲᠡᠯᠡᠵᠦ᠂ ᠴᠡᠴᠡᠷᠯᠢᠭ ᠤᠨ ᠦᠵᠡᠮᠵᠢ 70᠂ ᠰᠠᠮᠪᠠᠷ᠎ᠠ ᠶᠢᠨ ᠰᠣᠨᠢᠨ ᠤ ᠦᠵᠡᠭᠦᠯᠭᠡ ᠶᠢᠨ ᠰᠠᠮᠪᠠᠷ᠎ᠠ ᠶᠢ | 198 ᠬᠤᠪᠢ ᠨᠡᠶᠢᠲᠡᠯᠡᠵᠦ᠂ 9600 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠪᠦᠬᠦ | ᠲᠠᠯ᠎ᠠ ᠶᠢᠨ ᠤᠬᠠᠭᠤᠯᠭ᠎ᠠ ᠶᠢᠨ ᠵᠢᠭᠰᠠᠭᠠᠯ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠤᠨ ᠭᠦᠶᠡᠩ ᠳᠣᠲᠣᠷᠠᠬᠢ ᠦᠢᠯᠡᠳᠦᠯᠭᠡ ᠶᠢᠨ | ᠠᠷᠭ᠎ᠠ ᠵᠠᠮ ᠢ ᠪᠦᠬᠦ ᠲᠠᠯ᠎ᠠ ᠪᠠᠷ ᠲᠤᠭᠤᠰᠢᠯᠠᠭᠤᠯᠪᠠ᠃ | ᠰᠤᠳᠤᠯᠤᠨ ᠲᠠᠶᠢᠯᠪᠤᠷᠢᠯᠠᠬᠤ ᠶᠢ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠤᠨ᠎ᠠ᠃ | ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠦᠢᠮᠣ ᠲᠤᠬᠠᠢ︾ ᠵᠢᠭᠠᠬᠤ ᠮᠠᠲ᠋ᠧᠷᠢᠶᠠᠯ ᠢ | ᠰᠠᠶᠢᠲᠤᠷ ᠬᠡᠷᠡᠭᠯᠡᠵᠦ᠂ ︽ᠴᠢᠨ ᠤᠯᠤᠰ ᠤᠨ ᠤᠷᠲᠤ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ︾ | ᠵᠡᠷᠭᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠦᠢᠯᠡᠳᠦᠯᠭᠡ ᠶᠢᠨ | 9 ᠰᠠᠭᠤᠷᠢᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠪᠥᠬᠦ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠨ | ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠪᠥᠬᠦ ᠰᠢᠶᠠᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ 28 ᠦᠯᠢᠭᠡᠷ ᠢ ᠴᠤᠭᠯᠠᠭᠤᠯᠵᠤ ᠪᠣᠯᠪᠠᠰᠤᠷᠠᠭᠤᠯᠤᠨ᠂ ︽ᠤᠯᠠᠭᠠᠨ ᠠᠨᠠᠷ ᠤᠨ ᠦᠯᠢᠭᠡᠷ ᠤᠨ | ᠴᠤᠭᠯᠠᠭᠠᠨ︾ ᠤ ᠬᠤᠶᠠᠳᠤᠭᠠᠷ ᠡᠮᠬᠢᠳᠬᠡᠯ 200 ᠭᠠᠷᠤᠢ ᠳᠡᠪᠲᠡᠷ ᠢ ᠡᠮᠬᠢᠳᠬᠡᠨ ᠲᠠᠷᠬᠠᠭᠠᠵᠤ᠂ ᠭᠦᠶᠡᠩ ᠰᠢᠶᠠᠨ ᠤ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢᠨ ᠪᠣᠳᠠᠲᠤ ᠬᠡᠷᠡᠭ ᠪᠣᠯᠤᠨ | ᠪᠣᠳᠠᠲᠤ ᠥᠩᠭᠡᠷᠡᠯᠲᠡ ᠶᠢ ᠠᠭᠤᠳᠠᠯᠵᠤ᠂ ︽ᠦᠨᠳᠦᠰᠦᠲᠡᠨ ᠤ ᠠᠭᠤᠰᠤᠯᠴᠠᠯ ᠭᠦᠶᠡᠩ ᠤᠨ ᠲᠡᠦᠬᠡᠨ ᠦᠭᠡ︾ ᠶᠢ | ᠨᠠᠶᠢᠷᠠᠭᠤᠯᠤᠨ ᠬᠡᠪᠯᠡᠵᠦ᠂ ︽ᠪᠤᠭᠤᠲᠤ ᠬᠤᠲᠠ ᠶᠢᠨ ︿ᠲᠦᠷᠪᠡᠨ ᠬᠠᠮᠲᠤ﹀ ᠶᠢᠨ ᠤᠷᠲᠤ ᠬᠤᠩᠭᠢᠯ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠤᠨ ᠬᠠᠶᠢᠴᠢ ︵ᠭᠦᠶᠡᠩ ᠰᠢᠶᠠᠨ ᠤ ᠵᠣᠬᠢᠶᠠᠯ︶︾ ᠢ ᠵᠣᠬᠢᠶᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠣᠷᠣᠨ ᠪᠦᠰᠡ ᠶᠢᠨ ᠮᠡᠳᠡᠭᠦᠯᠦᠯᠲᠡ | ᠪᠣᠯᠤᠨ ︽ᠬᠥ᠋ ᠶᠢᠨ ᠰᠡᠳᠬᠢᠯ︾ ᠤᠨ ᠲᠥᠷᠥᠯ ᠵᠦᠢᠯ ᠤᠨ ᠬᠡᠷᠡᠭ ᠤᠨ ᠵᠢᠱᠢᠶ᠎ᠡ ᠶᠢ ᠪᠠᠬᠢᠵᠢᠭᠦᠯᠬᠦ ᠮᠡᠳᠡᠭᠦᠯᠦᠯᠲᠡ ᠶᠢ | ᠪᠡᠶᠡᠯᠡᠭᠦᠯᠪᠡ᠃ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠲᠦᠰᠢᠭᠯᠡᠨ ᠭᠦᠶᠡᠩ ᠰᠢᠶᠠᠨ ᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ | ᠰᠤᠳᠤᠯᠭᠠᠨ ᠤ ᠬᠤᠷᠠᠯ ᠢ ᠪᠠᠶᠢᠭᠤᠯᠵᠤ᠂ ᠣᠨᠣᠯ ᠤᠨ ᠰᠤᠳᠤᠯᠭᠠᠨ ᠤ ᠰᠡᠳᠦᠪ ︽ᠭᠦᠶᠡᠩ ᠴᠢᠨ ᠤᠯᠤᠰ ᠤᠨ | ᠤᠮᠠᠷᠠᠲᠤ ᠶᠢᠨ ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ | ᠳᠤᠮᠳᠠᠬᠢ ᠥᠷᠲᠡᠭ ᠪᠣᠯᠤᠨ ᠦᠢᠯᠡᠳᠦᠯ ᠢ ᠵᠠᠳᠠᠯᠬᠤ︾ ᠶᠢ ᠭᠤᠶᠤᠴᠢᠯᠠᠨ ᠮᠡᠳᠡᠭᠦᠯᠵᠦ᠂ ᠦᠨᠳᠦᠰᠦᠲᠡᠨ ᠤ | ᠠᠵᠢᠯ ᠤᠨ ᠣᠨᠣᠯ ᠤᠨ ᠰᠤᠳᠤᠯᠭᠠᠨ ᠤ ᠰᠢᠨ᠎ᠡ ᠲᠠᠪᠴᠠᠩ ᠢ ᠪᠠᠶᠢᠭᠤᠯᠪᠠ᠃ | ᠰᠣᠶᠣᠯ ᠤᠨ ᠨᠡᠪᠴᠢᠯᠲᠡ ᠶᠢ ᠠᠳᠬᠤᠵᠤ᠂ ᠦᠨᠳᠦᠰᠦᠲᠡᠨ ᠨᠦᠭᠦᠳ ᠤᠨ ᠬᠥᠮᠦᠨ ᠤ ᠰᠡᠳᠬᠢᠯ ᠴᠤᠭᠯᠠᠷᠠᠬᠤ᠂ | ᠣᠶᠤᠨ ᠰᠠᠨᠠᠭ᠎ᠠ ᠬᠠᠷᠢᠯᠴᠠᠨ ᠲᠦᠰᠢᠭᠯᠡᠬᠦ ᠶᠢ ᠠᠬᠢᠭᠤᠯᠤᠨ᠎ᠠ᠃ ᠭᠦᠶᠡᠩ ᠴᠢᠨ ᠤᠯᠤᠰ ᠤᠨ ᠤᠷᠲᠤ ᠴᠠᠭᠠᠨ ᠬᠡᠷᠡᠮ᠂ | ᠬᠤᠸᠠᠢ ᠱᠦᠸᠧ ᠪᠠᠯᠭᠠᠰᠤ᠂ ᠶᠡᠭᠡ ᠢᠩᠲᠦ ᠶᠢᠨ ᠨᠦᠬᠡᠨ ᠭᠡᠷ ᠵᠡᠷᠭᠡ ᠦᠨᠳᠦᠰᠦᠲᠡᠨ ᠨᠦᠭᠦᠳ ᠤᠨ ᠬᠠᠮᠲᠤ ᠪᠠᠷ | ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ ᠳᠦᠷᠢ ᠲᠥᠷᠬᠦ ᠶᠢ ᠪᠣᠢ ᠪᠣᠯᠭᠠᠬᠤ ᠪᠠ ᠳᠣᠪᠤᠶᠢᠯᠭᠠᠵᠤ᠂ 7 | ᠬᠤᠲᠠ ᠶᠢᠨ ᠱᠠᠲᠤ ᠪᠠ 2 ᠰᠢᠶᠠᠨ ᠤ ᠱᠠᠲᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠪᠠᠶᠢᠷᠢᠯᠠᠭᠤᠯᠤᠨ ᠰᠢᠯᠢᠳᠡᠭᠵᠢᠭᠦᠯᠦᠨ᠎ᠡ᠃ | ᠵᠣᠬᠢᠶᠠᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠨᠢᠭᠡᠴᠢ ᠬᠤᠲᠠ ᠶᠢᠨ ᠮᠦᠽᠧᠢ ᠶᠢᠨ ︽ᠵᠢᠦ ᠶᠤᠸᠠᠨ ᠴᠠᠩ ᠭᠧ | ᠪᠤᠭᠤᠲᠤ ᠶᠢᠨ ᠡᠷᠲᠡᠨ ᠤ ᠲᠡᠦᠬᠡ ᠶᠢᠨ ᠳᠡᠯᠭᠡᠨ ᠦᠵᠡᠭᠦᠯᠦᠯᠭᠡ︾ ︽ᠯᠦ ᠴᠧᠩ ᠤᠨ ᠥᠩᠭᠡᠷᠡᠭᠰᠡᠨ ᠤ ᠶᠠᠪᠤᠳᠠᠯ - | ᠪᠤᠭᠤᠲᠤ ᠶᠢᠨ ᠠᠷᠠᠳ ᠤᠨ ᠵᠠᠩ ᠦᠢᠯᠡ ᠶᠢᠨ ᠰᠣᠶᠣᠯ ᠤᠨ ᠦᠵᠡᠭᠦᠯᠦᠯᠭᠡ︾ ᠶᠢ ᠲᠣᠭᠤᠷᠢᠨ ᠦᠵᠡᠪᠡ᠃ ︽ | ᠤᠯᠠᠭᠠᠨ ᠠᠨᠠᠷ ᠬᠤᠨᠳᠠᠭᠠᠲᠤ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠦᠯᠢᠭᠡᠷ ᠢ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠢ ᠡᠷᠬᠢᠯᠡᠵᠦ᠂ ︽ᠮᠠᠨ ᠤ ᠪᠠᠶᠠᠷ ᠤᠨ ᠡᠳᠦᠷ · ᠨᠠᠢᠮᠠᠨ | ᠰᠠᠷ᠎ᠠ ᠶᠢᠨ ᠲᠡᠷᠭᠡᠯ ᠪᠠᠶᠠᠷ︾ ᠲᠠᠢ ᠤᠶᠠᠯᠳᠤᠭᠤᠯᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠰᠤᠷᠭᠠᠨ | ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ︽ᠮᠢᠩᠭᠠᠨ ᠵᠢᠯ ᠳᠤ ᠰᠠᠬᠢᠨ ᠪᠠᠷᠠᠯᠠᠵᠤ · | ᠤᠮᠠᠷᠠᠲᠤ ᠬᠢᠯᠢ ᠪᠠᠨ ᠪᠡᠶᠡᠯᠡᠭᠦᠯᠬᠦ︾ ︽41 % ᠪᠠᠷ᠂ ᠭᠦᠶᠡᠩ ᠡᠷᠭᠦᠬᠦ︾ ᠬᠤᠷᠢᠨ ᠨᠢᠭᠡᠳᠦᠭᠡᠷ ᠬᠤᠭᠤᠴᠠᠭᠠᠨ ᠤ | ᠴᠢᠨ ᠤᠯᠤᠰ ᠤᠨ ᠤᠷᠲᠤ ᠴᠠᠭᠠᠨ ᠬᠡᠷᠡᠮ ᠤᠨ ᠰᠣᠶᠣᠯ ᠵᠢᠭᠤᠯᠴᠢᠯᠠᠯ ᠤᠨ ᠤᠷᠠᠯᠢᠭ ᠤᠨ ᠨᠠᠶᠢᠷ ᠲᠤ ᠲᠦᠰᠢᠭᠯᠡᠨ᠂ | ᠰᠣᠩᠭᠤᠳᠠᠭ ᠬᠠᠭᠤᠴᠢᠨ ᠳᠠᠭᠤᠤ · ᠴᠢᠨ ᠤ ᠤᠷᠲᠤ ᠴᠠᠭᠠᠨ ᠬᠡᠷᠡᠮ᠂ ︽ᠵᠣᠣ ᠵᠢᠶᠦ᠋ᠨ ᠤ ᠪᠣᠭᠤᠮᠲᠠ ᠠᠴᠠ ᠭᠠᠷᠬᠤ︾ | ᠲᠣᠮᠣ ᠬᠡᠯᠪᠡᠷᠢ ᠶᠢᠨ ᠪᠣᠳᠠᠲᠤ ᠦᠵᠡᠭᠳᠡᠯᠲᠦ ᠵᠦᠴᠦᠭᠡ ᠵᠡᠷᠭᠡ ᠡᠯ᠎ᠡ ᠲᠥᠷᠥᠯ ᠤᠨ ᠠᠵᠢᠯᠯᠠᠭ᠎ᠠ ᠶᠢ ᠡᠷᠬᠢᠯᠡᠵᠦ᠂ ︽ | ᠤᠮᠠᠷᠠᠲᠤ ᠬᠢᠯᠢ ᠶᠢᠨ ᠰᠣᠶᠣᠯ︾ ᠤᠨ ᠨᠡᠷᠡᠲᠦ ᠲᠡᠮᠳᠡᠭ ᠢ ᠡᠭᠦᠳᠴᠦ᠂ ᠣᠯᠠᠨ ᠲᠦᠮᠡᠨ ᠤ ᠳᠤᠮᠳᠠᠳᠤ ᠶᠢᠨ | ᠰᠣᠶᠣᠯ ᠤᠨ ᠲᠤᠬᠠᠢ ᠮᠡᠳᠡᠷᠡᠮᠵᠢ ᠶᠢᠨ ᠰᠡᠳᠬᠢᠯᠭᠡ ᠪᠠ ᠣᠮᠤᠭ ᠪᠠᠭ᠋ᠠᠳᠤᠯᠲᠤ ᠰᠡᠳᠬᠢᠯᠭᠡ ᠶᠢ ᠤᠯᠠᠮ ᠨᠢᠭᠡ ᠠᠯᠬᠤᠮ | ᠨᠡᠮᠡᠭᠳᠡᠭᠦᠯᠪᠡ᠃ | ᠠᠮᠤᠷ ᠲᠦᠪᠰᠢᠨ ᠬᠥᠭᠵᠢᠯᠲᠡ ᠶᠢ ᠠᠳᠬᠤᠵᠤ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮᠲᠤ | ᠣᠳᠣᠬᠢᠴᠢᠯᠠᠯᠲᠠ ᠲᠡᠰᠢ ᠬᠠᠮᠲᠤ ᠪᠠᠷ ᠳᠠᠪᠰᠢᠬᠤ ᠶᠢ ᠠᠬᠢᠭᠤᠯᠤᠨ᠎ᠠ᠃ ᠪᠤᠢ ᠪᠦᠬᠦᠢ ᠥᠭᠡᠷᠡᠴᠢᠯᠡᠯᠲᠡ | ᠬᠥᠭᠵᠢᠯᠲᠡ ᠳᠤ ︽ᠭᠤᠷᠪᠠᠨ ᠠᠴᠢ ᠬᠤᠯᠪᠣᠭᠳᠠᠯ︾ ᠢᠶᠠᠷ ᠲᠥᠪ ᠬᠤᠷᠢᠶ᠎ᠡ᠂ ᠥᠪᠡᠷᠲᠡᠭᠡᠨ ᠵᠠᠰᠠᠬᠤ ᠣᠷᠣᠨ ᠤ | ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ ᠶᠢ 329 ᠲᠦᠮᠡᠨ ᠲᠥᠭᠦᠷᠢᠭ | ᠣᠯᠵᠤ᠂ ᠠᠮᠤ ᠪᠤᠳᠠᠭ᠎ᠠ ᠲᠣᠰᠣ ᠡᠳ᠋ᠰᠢᠭᠦᠯᠬᠦ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ | ᠡᠳ᠋ᠰᠢᠭᠦᠯᠬᠦ ᠪᠠ ᠰᠣᠶᠣᠯ ᠵᠢᠭᠤᠯᠴᠢᠯᠠᠯ ᠵᠡᠷᠭᠡ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠢ ᠶᠡᠬᠡᠪᠡᠷ | ᠪᠤᠶᠢᠵᠢᠭᠤᠯᠵᠤ᠂ ᠲᠣᠰᠬᠤᠨ ᠢ ᠬᠠᠮᠠᠭᠠᠯᠠᠬᠤ ᠬᠠᠰᠢᠯᠭ᠎ᠠ ᠶᠢ ᠪᠠᠬᠢᠵᠢᠭᠦᠯᠵᠦ ᠰᠡᠯᠪᠢᠨ ᠵᠠᠰᠠᠬᠤ ᠵᠡᠷᠭᠡ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠪᠡᠯᠡ ᠮᠥᠩᠭᠦ ᠶᠢᠨ ᠬᠡᠷᠡᠭᠯᠡᠬᠦ ᠴᠢᠭᠯᠡᠯ ᠬᠡᠯᠪᠠᠶᠢᠬᠦ ᠦᠭᠡᠢ | ᠂ ᠲᠥᠷᠥᠯ ᠵᠦᠢᠯ ᠤᠨ ᠶᠠᠰᠤ ᠴᠢᠨᠠᠷ ᠤᠨ ᠪᠣᠭᠤᠮᠲᠠ ᠶᠢ ᠳᠠᠪᠠᠭ᠋ᠤ ᠶᠢ ᠦᠨᠡᠨᠬᠦ ᠪᠠᠲᠤᠯᠠᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠨᠡᠶᠢᠳᠡᠮ ᠳᠡᠭᠡᠨ ᠠᠰᠢᠭ ᠬᠦᠷᠲᠡᠵᠦ᠂ ᠥᠨᠢ ᠤᠳᠠᠭᠠᠨ ᠠᠰᠢᠭ | ᠬᠦᠷᠲᠡᠨ᠎ᠡ᠃ ᠦᠨᠳᠦᠰᠦᠲᠡᠨ ᠤ ᠠᠷᠠᠯᠵᠢᠶ᠎ᠠ ᠠᠷᠠᠳ ᠤᠨ ᠪᠦᠲᠦᠭᠡᠭᠳᠡᠬᠦᠨ ᠤ ᠠᠵᠤ ᠠᠬᠤᠶᠢᠯᠠᠯ ᠢ ᠵᠢᠯᠣᠭᠤᠳᠤᠨ | ᠵᠢᠭᠡᠯᠡᠯᠭᠡ ᠶᠢᠨ ᠳᠠᠮ ᠬᠦᠦ ᠮᠥᠩᠭᠦ ᠣᠯᠭᠤᠬᠤ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ | ᠬᠡᠷᠡᠭᠯᠡᠭᠦᠯᠵᠦ᠂ ᠦᠨᠳᠦᠰᠦᠲᠡᠨ ᠤ ᠠᠷᠠᠯᠵᠢᠶᠠᠨ ᠤ ᠵᠢᠭᠡᠯᠡᠯᠭᠡ ᠶᠢᠨ ᠳᠠᠮ ᠬᠦᠦ ᠮᠥᠩᠭᠦ ᠥᠭᠬᠦ 8 ᠠᠵᠤ | ᠠᠬᠤᠶᠢᠯᠠᠯ ᠢ ᠭᠤᠶᠤᠴᠢᠯᠠᠨ ᠮᠡᠳᠡᠭᠦᠯᠵᠦ᠂ ᠦᠨᠳᠦᠰᠦᠲᠡᠨ ᠤ ᠠᠷᠠᠯᠵᠢᠶᠠᠨ ᠤ ᠠᠵᠤ ᠠᠬᠤᠶᠢᠯᠠᠯ ᠤᠨ ᠵᠢᠭᠡᠯᠡᠯᠭᠡ ᠶᠢᠨ | ᠳᠠᠮ ᠬᠦᠦ ᠮᠥᠩᠭᠦ ᠥᠭᠬᠦ ᠪᠡᠯᠡ ᠮᠥᠩᠭᠦ ᠶᠢ 94.7243 ᠲᠦᠮᠡᠨ ᠲᠥᠭᠦᠷᠢᠭ ᠴᠢᠷᠮᠠᠶᠢᠨ ᠣᠯᠵᠤ᠂ | ᠦᠨᠳᠦᠰᠦᠲᠡᠨ ᠤ ᠠᠷᠠᠯᠵᠢᠶ᠎ᠠ ᠠᠷᠠᠳ ᠤᠨ ᠬᠡᠷᠡᠭᠯᠡᠭᠡᠨ ᠤ ᠪᠦᠲᠦᠭᠡᠭᠳᠡᠬᠦᠨ ᠣᠯᠭᠤᠬᠤ ᠠᠵᠤ ᠠᠬᠤᠶᠢᠯᠠᠯ ᠢ | ᠲᠣᠭᠲᠠᠭᠤᠨ ᠢᠶᠠᠷ ᠬᠥᠭᠵᠢᠭᠦᠯᠪᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ | ᠬᠤᠶᠠᠷ ᠢ ᠲᠣᠬᠢᠶᠠᠯᠳᠤᠯ ᠢᠶᠠᠷ ᠬᠢᠵᠦ ᠨᠢᠭᠡ ᠶᠢ ᠢᠯᠡ ᠪᠣᠯᠭᠠᠬᠤ︾ ᠳᠦᠷᠢᠮ ᠢ ᠬᠡᠷᠡᠭᠵᠢᠭᠦᠯᠵᠦ᠂ ᠯᠠᠯᠤ ᠶᠢᠨ | ᠢᠳᠡᠭᠡᠨ ᠤ ᠵᠠᠬ᠎ᠠ ᠳᠡᠯᠭᠡᠭᠦᠷ ᠤᠨ ᠬᠢᠨᠠᠯᠲᠠ ᠪᠠᠶᠢᠴᠠᠭᠠᠯᠲᠠ ᠶᠢ 6 ᠤᠳᠠᠭ᠎ᠠ ᠥᠷᠨᠢᠭᠦᠯᠪᠡ᠃ ︽ᠭᠦᠶᠡᠩ ᠰᠢᠶᠠᠨ ᠤ | ᠦᠨᠳᠦᠰᠦᠲᠡᠨ ᠤ ᠲᠠᠯ᠎ᠠ ᠳᠤ ᠬᠤᠯᠪᠣᠭᠳᠠᠭᠰᠠᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ︾ ᠢ ᠪᠠᠶᠢᠭᠤᠯᠵᠤ᠂ ᠦᠨᠳᠦᠰᠦᠲᠡᠨ ᠤ ᠬᠦᠷᠢᠶᠡᠨ ᠳᠤ ᠬᠤᠯᠪᠣᠭᠳᠠᠬᠤ ᠵᠥᠷᠢᠴᠡᠯ ᠤᠨ ᠳᠠᠯᠳᠠ | ᠭᠡᠮ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠴᠢᠩᠭᠠᠳᠬᠠᠵᠤ᠂ ᠠᠵᠢᠯᠲᠠᠨ ᠤ ᠬᠠᠷᠢᠶ᠎ᠠ ᠭᠠᠵᠠᠷ ᠤᠨ | ᠬᠠᠮᠢᠶᠠᠷᠤᠯᠲᠠ ᠶᠣᠰᠣᠭᠠᠷ ᠪᠦᠬᠦ ᠵᠢᠯ ᠳᠤ 12 ᠤᠳᠠᠭ᠎ᠠ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠢ | ᠥᠷᠨᠢᠭᠦᠯᠦᠨ᠎ᠡ᠃ | ᠠᠴᠢᠶᠠᠯᠠᠪᠤᠷᠢ ᠶᠢᠨ ᠪᠠᠶᠢᠭᠤᠯᠤᠯᠲᠠ ᠶᠢ ᠠᠳᠬᠤᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠤᠨ ᠦᠢᠯᠡᠳᠦᠯᠭᠡ ᠶᠢᠨ ᠠᠷᠭ᠎ᠠ ᠵᠠᠮ ᠢ ᠣᠯᠠᠨ ᠡᠰᠢᠵᠢᠬᠦᠯᠦᠨ ᠨᠡᠪᠲᠡᠷᠡᠭᠦᠯᠬᠦ ᠶᠢ ᠠᠬᠢᠭᠤᠯᠤᠨ᠎ᠠ᠃ ︽ | ᠭᠦᠶᠡᠩ ᠰᠢᠶᠠᠨ ᠤ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ | ᠪᠣᠯᠭᠠᠬᠤ ᠶᠢ ᠠᠬᠢᠭᠤᠯᠬᠤ ᠠᠵᠢᠯ ᠤᠨ ᠲᠥᠰᠦᠯ︾ ᠢ ᠲᠣᠭᠲᠠᠭᠠᠨ ᠨᠡᠶᠢᠲᠡᠯᠡᠵᠦ᠂ ︽ᠨᠢᠭᠡᠳᠦᠭᠡᠷ ᠹᠷᠣᠨᠲ ᠳᠥᠷᠪᠡᠨ | ᠭᠤᠯᠳᠤ ᠭᠤᠷᠪᠠᠨ ᠬᠥᠨᠳᠡᠯᠡᠨ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ | ᠬᠤᠯᠪᠣᠭ᠎ᠠ ᠶᠢᠨ ᠪᠠᠶᠢᠭᠤᠯᠤᠯᠲᠠ ᠶᠢᠨ ᠠᠵᠢᠯ ᠢ ᠰᠢᠨ᠎ᠡ ᠶᠢ ᠡᠭᠦᠳᠦᠨ ᠥᠷᠨᠢᠭᠦᠯᠵᠦ᠂ ᠦᠨᠳᠦᠰᠦᠲᠡᠨ ᠨᠦᠭᠦᠳ ᠤᠨ | ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ᠂ ᠦᠨᠳᠦᠰᠦᠲᠡᠨ ᠨᠦᠭᠦᠳ ᠤᠨ ᠣᠯᠠᠨ ᠲᠦᠮᠡᠨ ᠤ | ᠬᠠᠷᠢᠯᠴᠠᠨ ᠭᠤᠣᠯ ᠪᠣᠯᠭᠠᠭᠰᠠᠨ ᠬᠥᠭᠵᠢᠯᠲᠡ ᠶᠢᠨ ᠲᠥᠯᠥᠪᠯᠡᠭᠡ ᠪᠣᠯᠤᠨ ᠵᠢᠭᠤᠯᠴᠢᠯᠠᠯ ᠢᠶᠠᠷ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ ᠶᠢ ᠯᠠᠪᠳᠠᠭᠤᠨ | ᠪᠠᠲᠤᠲᠠᠢ ᠠᠬᠢᠭᠤᠯᠪᠠ᠃ ︽ᠵᠤᠤ ᠵᠢᠶᠦ᠋ᠨ ᠰᠠᠶᠢᠨ ᠠᠴᠠ ᠭᠠᠷᠤᠭᠰᠠᠨ ᠨᠢ︾᠂ ︽ᠪᠣᠭᠤᠮᠲᠠ ᠶᠢᠨ ᠭᠠᠳᠠᠨᠠᠬᠢ ᠴᠢᠨ | ᠹᠧᠩ︾᠂ ︽ᠬᠠᠨ ᠦ᠋ ᠳ᠋ᠢ ᠤᠮᠠᠷᠠᠰᠢ ᠲᠣᠭᠤᠷᠢᠨ ᠴᠠᠭᠳᠠᠬᠤ︾ ᠵᠡᠷᠭᠡ ᠰᠣᠶᠣᠯ ᠵᠢᠭᠤᠯᠴᠢᠯᠠᠯ ᠤᠨ ᠪᠣᠳᠠᠲᠤ | ᠦᠵᠡᠭᠳᠡᠯ ᠤᠨ ᠣᠬᠤᠷ ᠵᠦᠴᠦᠭᠡ ᠶᠢ ᠵᠣᠬᠢᠶᠠᠨ ᠪᠦᠲᠦᠭᠡᠵᠦ᠂ ︽ᠤᠷᠲᠤ ᠴᠠᠭᠠᠨ ᠬᠡᠷᠡᠮ ᠤᠨ ᠰᠣᠶᠣᠯ ᠤᠨ | ᠰᠤᠳᠤᠯᠭᠠᠨ ᠤ ᠶᠠᠷᠢᠶᠠᠨ ᠤ ᠲᠠᠪᠴᠠᠩ ᠤᠨ ᠥᠭᠦᠯᠡᠯ ᠤᠨ ᠲᠡᠭᠦᠪᠦᠷᠢ︾᠂ ︽ᠤᠮᠠᠷᠠᠲᠤ ᠸᠧᠢ ᠤᠯᠤᠰ ᠤᠨ | ᠵᠢᠷᠭᠤᠳᠤᠭᠠᠷ ᠪᠠᠯᠭᠠᠰᠤᠨ ᠤ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠤᠨ ᠥᠭᠦᠯᠡᠯ ᠤᠨ ᠲᠡᠭᠦᠪᠦᠷᠢ︾ | ᠵᠡᠷᠭᠡ ᠨᠣᠮ ᠪᠢᠴᠢᠭ ᠢ ᠨᠠᠶᠢᠷᠠᠭᠤᠯᠤᠨ ᠬᠡᠪᠯᠡᠵᠦ᠂ ︽ᠮᠧᠩ ᠲᠢᠶᠠᠨ ᠪᠢᠷ︾᠂ ︽ᠰᠤᠮᠤᠨ ᠴᠢᠯᠠᠭᠤ ᠨᠡᠪᠲᠡᠯᠬᠦ︾ | ᠰᠢᠷᠢᠰ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠵᠢᠷᠤᠵᠤ ᠲᠥᠯᠥᠪᠯᠡᠨ᠂ ᠣᠯᠠᠨ ᠲᠦᠮᠡᠨ ᠤ ᠣᠶᠤᠨ | ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠪᠠ᠃ ᠰᠣᠶᠣᠯ ᠵᠤᠭᠠᠴᠠᠯ ᠢᠶᠠᠷ ᠰᠢᠶᠠᠨ ᠢ ᠮᠠᠨᠳᠤᠭᠤᠯᠬᠤ ︽ᠵᠢᠷᠭᠤᠭᠠᠨ | ᠵᠦᠢᠯ ᠤᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠪᠣᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠷᠲᠡᠭ ᠢ ᠢᠯᠡᠷᠡᠭᠦᠯᠦᠭᠰᠡᠨ | ᠰᠣᠶᠣᠯ ᠵᠤᠭᠠᠴᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠣᠢ ᠪᠣᠯᠭᠠᠵᠤ᠂ 2024 ᠣᠨ ᠳᠤ ᠪᠥᠬᠦ ᠰᠢᠶᠠᠨ ᠤ | ᠵᠤᠭᠠᠴᠠᠯ ᠤᠨ ᠬᠦᠯᠢᠶᠡᠨ ᠠᠪᠬᠤ ᠬᠡᠮᠵᠢᠶ᠎ᠡ ᠪᠠᠷᠤᠭ 105 ᠲᠦᠮᠡᠨ ᠬᠥᠮᠦᠨ ᠤᠳᠠᠭ᠎ᠠ ᠳᠤ ᠬᠦᠷᠴᠦ᠂ | ᠶᠡᠷᠦᠩᠬᠡᠶᠢᠯᠡᠭᠰᠡᠨ ᠣᠷᠣᠯᠭ᠎ᠠ ᠪᠠᠷᠤᠭ 2.1 ᠳ᠋ᠦᠩᠰᠢᠭᠤᠷ ᠲᠥᠭᠦᠷᠢᠭ ᠲᠤ ᠬᠦᠷᠴᠦ᠂ ︽ᠰᠣᠶᠣᠯ ᠵᠤᠭᠠᠴᠠᠯ ᠤᠨ | ᠦᠨᠳᠦᠰᠦᠲᠡᠨ ᠤ ᠪᠦᠯᠬᠦᠮᠳᠡᠯ︾ ᠤᠨ ᠠᠭᠤᠰᠤᠯᠴᠠᠨ ᠬᠥᠭᠵᠢᠬᠦ ᠪᠠᠷ ᠦᠨᠳᠦᠰᠦᠲᠡᠨ ᠨᠦᠭᠦᠳ ᠤᠨ ᠰᠣᠯᠢᠯᠴᠠᠭ᠎ᠠ | ᠶᠠᠪᠤᠯᠴᠠᠭ᠎ᠠ ᠠᠭᠤᠰᠤᠯᠴᠠᠯ ᠢ ᠠᠬᠢᠭᠤᠯᠪᠠ᠃ | |