ᠣᠶᠢᠷ᠎ᠠ ᠳᠤ᠂ ᠰᠢᠶᠠ ᠱᠢ ᠬᠤᠤ ᠪᠠᠯᠭᠠᠰᠤᠨ ᠤ ᠭᠡᠷ ᠲᠤ ᠪᠠᠨ ᠪᠠᠶᠢᠬᠤ ᠨᠠᠰᠤᠲᠠᠨ ᠳᠤ ᠰᠢᠨ᠎ᠡ ᠪᠠᠷ | ᠪᠠᠶᠢᠭᠤᠯᠤᠭᠰᠠᠨ 21 ᠬᠦᠴᠢᠷᠳᠡᠯᠲᠡᠢ ᠨᠠᠰᠤᠲᠠᠶᠢᠴᠤᠳ ᠤᠨ ᠥᠪᠡᠷᠮᠢᠴᠡ ᠥᠭᠡᠷᠡᠴᠢᠯᠡᠯᠲᠡ ᠶᠢᠨ ᠲᠥᠰᠦᠯ | ᠲᠣᠭᠲᠠᠭᠠᠵᠤ᠂ ᠠᠮᠢᠳᠤᠷᠠᠯ ᠤᠨ ᠵᠢᠵᠢᠭ ᠰᠠᠵᠢᠭ ᠵᠦᠢᠯᠡᠰ ᠠᠴᠠ ᠭᠠᠷᠳᠠᠵᠤ᠂ ᠭᠡᠷ ᠲᠡᠭᠡᠨ ᠰᠠᠭᠤᠵᠤ ᠪᠠᠶᠢᠭ᠎ᠠ | ᠨᠠᠰᠤᠲᠠᠶᠢᠴᠤᠳ ᠢ ᠠᠰᠠᠷᠠᠬᠤ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠪᠡ᠃ | ᠨᠠᠰᠤᠲᠠᠨ ᠳᠤ ᠳᠣᠭᠢᠷᠠᠬᠤ ᠥᠭᠡᠷᠡᠴᠢᠯᠡᠯᠲᠡ ᠶᠢ ᠦᠨᠡᠨ ᠬᠦ ᠣᠯᠠᠨ ᠲᠦᠮᠡᠨ ᠤ ᠰᠡᠳᠬᠢᠯ ᠳᠤ ᠬᠦᠷᠲᠡᠯ᠎ᠡ | ᠥᠭᠡᠷᠡᠴᠢᠯᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠡᠯ᠎ᠡ ᠲᠣᠰᠬᠤᠨ ᠤ ᠨᠡᠶᠢᠭᠡᠮ ᠤᠨ ᠠᠪᠤᠷᠠᠨ ᠲᠤᠰᠠᠯᠠᠬᠤ | ᠲᠤᠰᠠᠯᠠᠭᠴᠢ ᠠᠴᠠ ᠨᠠᠰᠤᠲᠠᠶᠢᠴᠤᠳ ᠤᠨ ᠭᠡᠷ ᠪᠦᠯᠢ ᠶᠢ ᠤᠶᠢᠯᠠᠭᠠᠨ ᠪᠠᠶᠢᠴᠠᠭᠠᠵᠤ᠂ ᠨᠠᠰᠤᠲᠠᠶᠢᠴᠤᠳ ᠤᠨ ᠪᠡᠶ᠎ᠡ | ᠮᠠᠬᠠᠪᠣᠳ ᠤᠨ ᠪᠠᠶᠢᠳᠠᠯ᠂ ᠣᠷᠣᠨ ᠰᠠᠭᠤᠴᠠ᠂ ᠥᠭᠡᠷᠡᠴᠢᠯᠡᠨ ᠰᠠᠶᠢᠵᠢᠷᠠᠭᠤᠯᠬᠤ ᠬᠡᠷᠡᠭᠴᠡᠭᠡ ᠱᠠᠭᠠᠷᠳᠠᠯᠭ᠎ᠠ ᠪᠠ | ᠬᠦᠰᠡᠯ ᠡᠷᠡᠮᠡᠯᠵᠡᠯ ᠵᠡᠷᠭᠡ ᠶᠢ ᠨᠠᠷᠢᠨ ᠣᠶᠢᠯᠠᠭᠠᠵᠤ᠂ ᠥᠭᠡᠷᠡᠴᠢᠯᠡᠨ ᠰᠠᠶᠢᠵᠢᠷᠠᠭᠤᠯᠬᠤ ᠨᠡᠷᠡᠰ ᠢ ᠲᠣᠭᠲᠠᠭᠠᠭᠰᠠᠨ ᠤ | ᠳᠠᠷᠠᠭ᠎ᠠ ᠦᠨᠡᠯᠡᠨ ᠵᠢᠱᠢᠯᠲᠡ ᠥᠷᠨᠢᠭᠦᠯᠬᠦ ᠶᠢᠨ ᠬᠠᠮᠲᠤ ᠰᠠᠶᠢᠨ ᠳᠤᠷ᠎ᠠ ᠶᠢᠨ ᠵᠠᠷᠴᠢᠮ ᠶᠣᠰᠣᠭᠠᠷ ᠥᠭᠡᠷᠡᠴᠢᠯᠡᠨ | ᠪᠠᠶᠢᠭᠤᠯᠬᠤ ᠪᠠᠷ ᠭᠤᠶᠤᠴᠢᠯᠠᠵᠤ᠂ ᠨᠥᠬᠦᠴᠡᠯ ᠳᠤ ᠨᠡᠶᠢᠴᠡᠬᠦ ᠨᠠᠰᠤᠲᠠᠶᠢᠴᠤᠳ ᠤᠨ ᠭᠡᠷ ᠪᠦᠯᠢ ᠳᠤ ᠴᠥᠮ ᠠᠰᠠᠷᠠᠮᠵᠢ | ᠬᠦᠷᠲᠡᠭᠡᠬᠦ ᠶᠢ ᠦᠨᠡᠨ ᠬᠦ ᠪᠠᠲᠤᠯᠠᠨ᠎ᠠ᠃ ᠨᠠᠰᠤᠲᠠᠶᠢᠴᠤᠳ ᠨᠢᠭᠡᠪᠦᠷᠢ ᠶᠢᠨ ᠠᠮᠢᠳᠤᠷᠠᠯ ᠤᠨ ᠳᠠᠳᠬᠠᠯ᠂ ᠡᠷᠡᠭᠦᠯ | ᠮᠡᠨᠳᠦ ᠶᠢᠨ ᠪᠠᠶᠢᠳᠠᠯ ᠨᠢ ᠠᠳᠠᠯᠢ ᠪᠤᠰᠤ ᠠᠴᠠ ᠪᠣᠯᠵᠤ᠂ ᠨᠠᠰᠤᠲᠠᠨ ᠳᠤ ᠳᠣᠭᠢᠷᠠᠬᠤ ᠥᠭᠡᠷᠡᠴᠢᠯᠡᠯᠲᠡ ᠶᠢᠨ | ᠬᠡᠷᠡᠭᠴᠡᠭᠡ ᠱᠠᠭᠠᠷᠳᠠᠯᠭ᠎ᠠ ᠴᠤ ᠠᠳᠠᠯᠢ ᠦᠭᠡᠢ ᠪᠠᠶᠢᠳᠠᠭ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ | ᠭᠤᠷᠪᠠᠳᠠᠬᠢ ᠡᠲᠡᠭᠡᠳ ᠤᠨ ᠠᠵᠤ ᠠᠬᠤᠶᠢᠯᠠᠯ ᠳᠤ ᠨᠠᠶᠢᠳᠠᠵᠤ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ | ᠬᠡᠷᠡᠭᠵᠢᠭᠦᠯᠵᠦ᠂ ᠥᠭᠡᠷᠡᠴᠢᠯᠡᠨ ᠰᠠᠶᠢᠵᠢᠷᠠᠭᠤᠯᠵᠤ ᠳᠠᠭᠤᠰᠤᠭᠰᠠᠨ ᠤ ᠳᠠᠷᠠᠭ᠎ᠠ ᠲᠤᠰᠬᠠᠢ ᠪᠠᠶᠢᠭᠤᠯᠤᠮᠵᠢ ᠶᠢ ᠰᠢᠯᠭᠠᠨ | ᠠᠪᠬᠤ ᠪᠥᠭᠡᠳ ᠤᠭᠰᠠᠷᠠᠬᠤ ᠠᠵᠤ ᠠᠬᠤᠶᠢᠯᠠᠯ ᠢ ᠥᠭᠡᠷᠡᠴᠢᠯᠡᠨ ᠪᠠᠶᠢᠭᠤᠯᠤᠭᠰᠠᠨ ᠭᠡᠷ ᠪᠦᠯᠢ ᠳᠤ ᠲᠣᠭᠲᠠᠮᠠᠯ | ᠬᠤᠭᠤᠴᠠᠭ᠎ᠠ ᠲᠠᠢ ᠪᠠᠷ ᠬᠠᠷᠢᠭᠤ ᠰᠤᠷᠪᠤᠯᠵᠢᠯᠠᠵᠤ᠂ ᠵᠢᠯᠣᠭᠤᠳᠬᠤ ᠦᠢᠯᠡᠴᠢᠯᠡᠭᠡ ᠬᠠᠩᠭᠠᠬᠤ ᠶᠢ ᠱᠠᠭᠠᠷᠳᠠᠪᠠ᠃ | ᠨᠠᠰᠤᠵᠢᠬᠤ ᠳᠤ ᠳᠣᠭᠢᠷᠠᠬᠤ ᠥᠭᠡᠷᠡᠴᠢᠯᠡᠯᠲᠡ ᠨᠢ ᠲᠤᠰᠠᠯᠠᠬᠤ ᠪᠡᠯᠡᠳᠬᠡᠮᠵᠢ᠂ ᠤᠶᠤᠨᠲᠤ ᠰᠢᠨᠵᠢᠯᠡᠬᠦ ᠤᠬᠠᠭᠠᠨ | ᠮᠡᠷᠭᠡᠵᠢᠯ᠂ ᠭᠡᠷ ᠤᠨ ᠬᠡᠷᠡᠭᠰᠡᠯ ᠰᠣᠩᠭᠤᠬᠤ ᠵᠢᠷᠤᠭ ᠲᠥᠯᠥᠪᠯᠡᠭᠡ ᠵᠡᠷᠭᠡ ᠣᠯᠠᠨ ᠲᠠᠯ᠎ᠠ ᠶᠢ ᠬᠠᠮᠤᠷᠴᠤ᠂ ᠭᠡᠷ ᠤᠨ | ᠣᠷᠣᠨ ᠰᠠᠭᠤᠴᠠ ᠶᠢᠨ ᠪᠠᠶᠢᠷᠢᠰᠢᠭᠤᠯᠤᠯᠲᠠ ᠳᠤ ᠲᠣᠬᠢᠷᠠᠭᠤᠯᠤᠯᠲᠠ ᠬᠢᠬᠦ᠂ ᠲᠤᠰᠠᠯᠠᠬᠤ ᠪᠡᠯᠡᠳᠬᠡᠮᠵᠢ ᠨᠡᠮᠡᠬᠦ᠂ | ᠤᠶᠤᠨᠲᠤ ᠰᠢᠨᠵᠢᠯᠡᠬᠦ ᠤᠬᠠᠭᠠᠨ ᠮᠡᠷᠭᠡᠵᠢᠯ ᠢ ᠣᠷᠣᠭᠤᠯᠤᠨ ᠠᠪᠴᠢᠷᠠᠬᠤ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ | ᠨᠠᠰᠤᠲᠠᠶᠢᠴᠤᠳ ᠲᠤ ᠪᠦᠬᠦ ᠲᠠᠯ᠎ᠠ ᠶᠢᠨ ᠲᠦᠬᠦᠮ ᠪᠠ ᠪᠠᠲᠤᠯᠠᠭ᠎ᠠ ᠬᠠᠩᠭᠠᠵᠤ᠂ ᠨᠠᠰᠤᠲᠠᠶᠢᠴᠤᠳ ᠲᠤ ᠭᠡᠷ ᠲᠤᠨᠢ | ᠪᠠᠰᠠ ᠲᠠᠭᠠᠯᠠᠮᠵᠢᠲᠠᠢ᠂ ᠠᠮᠤᠷ ᠲᠦᠪᠰᠢᠨ᠂ ᠳᠥᠭᠦᠮ ᠳᠥᠲᠡ ᠠᠮᠢᠳᠤᠷᠠᠯ ᠢ ᠡᠳ᠋ᠯᠡᠭᠦᠯᠪᠡ᠃ | ᠰᠢᠨ᠎ᠡ ᠪᠠᠷ ᠪᠠᠶᠢᠭᠤᠯᠤᠭᠰᠠᠨ ᠲᠣᠰᠬᠤᠨ ᠳᠤ ᠰᠠᠭᠤᠵᠤ ᠪᠠᠶᠢᠭ᠎ᠠ ᠵᠠᠩ ᠠᠪᠤᠭᠠᠢ ᠨᠠᠰᠤ ᠠᠬᠠᠰᠢᠷᠠᠵᠤ ᠬᠥᠳᠡᠯᠵᠦ | ᠪᠠᠷᠢᠬᠤ ᠳᠤ ᠳᠥᠭᠦᠮ ᠦᠭᠡᠢ ᠠᠴᠠ ᠪᠣᠯᠵᠤ᠂ ᠵᠣᠷᠯᠣᠩ ᠨᠢ ᠲᠡᠭᠦᠨ ᠤ ᠲᠣᠯᠣᠭᠠᠢ ᠶᠢ ᠡᠪᠡᠳᠬᠦ ᠠᠰᠠᠭᠤᠳᠠᠯ ᠪᠣᠯᠵᠠᠢ᠃ | ᠵᠠᠩ ᠠᠪᠤᠭᠠᠢ ᠶᠢᠨ ᠪᠣᠳᠠᠲᠠᠢ ᠪᠠᠶᠢᠳᠠᠯ ᠢ ᠦᠨᠳᠦᠰᠦᠯᠡᠨ᠂ ᠠᠵᠢᠯᠲᠠᠳ ᠲᠡᠭᠦᠨ ᠳᠤ ᠥᠭᠡᠷᠡᠴᠢᠯᠡᠬᠦ ᠲᠥᠰᠦᠯ | ᠲᠣᠭᠲᠠᠭᠠᠨ ᠥᠭᠴᠦ᠂ ᠭᠡᠷ ᠲᠤ ᠪᠠᠨ ᠬᠠᠭᠤᠴᠢᠨ ᠰᠠᠨᠳᠠᠯᠢ᠂ ᠤᠶᠤᠨᠲᠤ ᠪᠠᠭᠤᠪᠴᠢ᠂ ᠲᠠᠭᠠᠯᠠᠮᠵᠢᠲᠠᠢ ᠭᠠᠳᠠᠭᠠᠯᠠᠬᠤ | ᠮᠠᠰᠢᠨ ᠵᠡᠷᠭᠡ ᠲᠥᠬᠦᠭᠡᠷᠦᠮᠵᠢ ᠶᠢ ᠨᠡᠮᠡᠵᠦ ᠲᠠᠯᠪᠢᠭᠰᠠᠨ ᠪᠥᠭᠡᠳ ᠨᠠᠰᠤᠲᠠᠨ ᠳᠤ ᠬᠡᠷᠬᠢᠨ ᠬᠡᠷᠡᠭᠯᠡᠬᠦ ᠶᠢ | ᠬᠦᠯᠢᠴᠡᠩᠭᠦᠢ ᠪᠠᠷ ᠵᠢᠭᠠᠵᠤ ᠥᠭᠪᠡ᠃ ᠥᠭᠡᠷᠡᠴᠢᠯᠡᠭᠰᠡᠨ ᠤ ᠳᠠᠷᠠᠭ᠎ᠠ᠂ ᠵᠠᠩ ᠠᠪᠤᠭᠠᠢ ᠵᠠᠰᠠᠭ ᠤᠨ ᠣᠷᠳᠣᠨ ᠤ | ᠬᠠᠩᠭᠠᠭᠰᠠᠨ ᠦᠢᠯᠡᠴᠢᠯᠡᠭᠡ ᠳᠤ ᠲᠠᠯᠠᠷᠬᠠᠵᠤ᠂ ᠵᠠᠰᠠᠭ ᠤᠨ ᠣᠷᠳᠣᠨ ᠤ ᠢᠯᠡᠭᠦᠦ ᠪᠣᠳᠣᠯᠬᠢᠯᠠᠭᠰᠠᠨ ᠪᠠ ᠨᠠᠷᠢᠨ | ᠪᠣᠳᠣᠵᠤ᠂ ᠲᠡᠳᠡᠨ ᠳᠤ ᠳᠣᠲᠣᠨᠣ ᠪᠥᠭᠡᠳ ᠲᠠᠭᠠᠯᠠᠮᠵᠢᠲᠠᠢ ᠨᠠᠰᠤᠲᠠᠶᠢᠴᠤᠳ ᠤᠨ ᠠᠮᠢᠳᠤᠷᠠᠯ ᠢ ᠪᠣᠢ ᠪᠣᠯᠭᠠᠵᠤ | ᠥᠭᠴᠡᠢ᠃ ᠨᠢᠭᠡ ᠲᠠᠶᠠᠭ᠂ ᠨᠢᠭᠡ ᠬᠠᠭᠤᠴᠢᠨ ᠰᠠᠨᠳᠠᠯᠢ᠂ ᠨᠢᠭᠡ ᠰᠠᠭᠤᠯᠭᠠᠭᠴᠢ ᠁ ᠡᠳᠦᠷ ᠲᠤᠲᠤᠮ ᠤᠨ | ᠠᠮᠢᠳᠤᠷᠠᠯ ᠳᠤᠮᠳᠠ᠂ ᠦᠵᠡᠬᠦ ᠳᠤ ᠵᠢᠵᠢᠭ ᠲᠥᠬᠦᠭᠡᠷᠦᠮᠵᠢ ᠪᠣᠯᠪᠠᠴᠤ ᠨᠠᠰᠤᠲᠠᠶᠢᠴᠤᠳ ᠤᠨ ᠶᠠᠪᠤᠵᠤ ᠰᠠᠭᠤᠬᠤ ᠳᠤ | ᠬᠦᠴᠢᠷ᠂ ᠪᠡᠶ᠎ᠡ ᠤᠬᠢᠶᠠᠬᠤ ᠳᠤ ᠬᠦᠴᠢᠷ᠂ ᠠᠮᠢᠳᠤᠷᠠᠯ ᠨᠢ ᠬᠦᠴᠢᠷᠲᠡᠢ ᠵᠡᠷᠭᠡ ᠠᠰᠠᠭᠤᠳᠠᠯ ᠢ ᠪᠦᠲᠦᠮᠵᠢᠲᠡᠢ | ᠰᠢᠢᠳᠪᠦᠷᠢᠯᠡᠵᠦ ᠴᠢᠳᠠᠨ᠎ᠠ᠃ | ᠨᠠᠰᠤᠵᠢᠯᠲᠠ ᠳᠤ ᠵᠣᠬᠢᠴᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠲᠤᠰᠬᠠᠢ ᠮᠡᠷᠭᠡᠵᠢᠯ ᠤᠨ ᠴᠢᠨᠠᠷᠲᠠᠢ | ᠲᠤᠰᠠᠯᠠᠬᠤ ᠲᠥᠬᠦᠭᠡᠷᠦᠮᠵᠢ ᠪᠠᠷ ᠳᠠᠮᠵᠢᠭᠤᠯᠤᠨ᠂ ᠨᠠᠰᠤᠲᠠᠶᠢᠴᠤᠳ ᠤᠨ ᠣᠷᠣᠰᠢᠨ ᠰᠠᠭᠤᠬᠤ ᠨᠥᠬᠦᠴᠡᠯ ᠢ | ᠦᠷᠭᠦᠯᠵᠢᠯᠡᠨ ᠰᠠᠶᠢᠵᠢᠷᠠᠭᠤᠯᠵᠤ᠂ ᠭᠡᠷ ᠲᠡᠭᠡᠨ ᠰᠠᠨᠠᠭᠠᠨ ᠳᠤ ᠦᠭᠡᠢ ᠠᠶᠤᠯ ᠲᠦᠭᠰᠢᠭᠦᠷᠢ ᠶᠢ ᠪᠠᠭᠤᠷᠠᠭᠤᠯᠵᠤ | ᠴᠢᠳᠠᠬᠤ ᠪᠠᠷ ᠪᠠᠷᠠᠬᠤ ᠦᠭᠡᠢ᠂ ᠨᠡᠩ ᠴᠤ ᠨᠠᠰᠤᠲᠠᠶᠢᠴᠤᠳ ᠤᠨ ᠣᠯᠠᠨ ᠳᠡᠰ ᠳᠠᠪᠬᠤᠷᠭ᠎ᠠ ᠶᠢᠨ ᠨᠠᠰᠤᠵᠢᠯ ᠤᠨ | ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠢᠯᠡᠷᠡᠯ ᠪᠣᠯᠤᠨ᠎ᠠ᠃ ᠠᠷᠠᠳ ᠤᠨ ᠠᠮᠢᠳᠤᠷᠠᠯ ᠤᠨ | ᠪᠠᠭ᠎ᠠ ᠶᠠᠪᠤᠳᠠᠯ ᠪᠣᠯ ᠳᠠᠷᠤᠢ ︽ᠵᠣᠯ ᠵᠢᠷᠭᠠᠯᠲᠤ ᠴᠢᠬᠤᠯᠠ ᠶᠠᠪᠤᠳᠠᠯ︾ ᠮᠥᠨ᠂ ᠥᠲᠡᠯᠲᠡᠯ᠎ᠡ ᠲᠦᠰᠢᠭᠯᠡᠬᠦ | ᠶᠣᠰᠣᠲᠠᠢ ᠠᠴᠠ ᠥᠲᠡᠯᠪᠡᠯ ᠡᠳ᠋ᠯᠡᠬᠦ ᠶᠠᠭᠤᠮ᠎ᠠ ᠲᠠᠢ᠂ ᠥᠲᠡᠯᠪᠡᠯ ᠪᠠᠶᠠᠷ ᠴᠡᠩᠭᠡᠯ ᠲᠠᠢ ᠪᠠᠶᠢᠵᠤ᠂ ᠰᠢᠶᠠ ᠱᠣ᠋ ᠬᠤᠤ | ᠪᠠᠯᠭᠠᠰᠤ ᠨᠠᠰᠤᠵᠢᠯ ᠤᠨ ᠠᠰᠠᠷᠠᠮᠵᠢ ᠶᠢ ᠰᠠᠶᠢᠲᠤᠷ ᠬᠢᠬᠦ ᠳᠤᠮᠳᠠ᠂ ᠬᠠᠯᠠᠭᠤᠨ ᠳᠤᠯᠠᠭᠠᠨ ᠠᠷᠠᠳ ᠤᠨ | ᠠᠮᠢᠳᠤᠷᠠᠯ ᠤᠨ ︽ᠬᠠᠷᠢᠭᠤᠯᠲᠠ ᠶᠢᠨ ᠬᠠᠭᠤᠳᠠᠰᠤ︾ ᠶᠢ ᠲᠤᠰᠢᠶᠠᠪᠠ᠃ | |