ᠨᠠᠨ ᠭᠤᠸᠠᠨ ᠨᠡᠶᠢᠭᠡᠮ ᠲᠣᠭᠤᠷᠢᠭ ᠲᠤ ︽ᠡᠪᠦᠯ ᠤᠨ ᠡᠳᠦᠷ ᠲᠤ ᠬᠠᠶᠢᠷ᠎ᠠ ᠬᠠᠯᠠᠮᠵᠢ ᠬᠦᠷᠭᠡᠵᠦ ᠨᠠᠮ ᠤᠨ ᠪᠠᠶᠢᠭᠤᠯᠤᠯᠲᠠ ᠶᠢᠨ ᠬᠠᠮᠲᠤᠷᠠᠭᠰᠠᠨ ᠦᠨᠡᠨ ᠰᠡᠳᠬᠢᠯᠭᠡ ᠶᠢ ᠢᠯᠡᠷᠡᠭᠦᠯᠬᠦ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/13
    ᠬᠠᠪᠰᠤᠷᠤᠯᠴᠠᠭ᠎ᠠ ᠪᠠᠶᠢᠭᠤᠯᠵᠤ ᠬᠠᠮᠲᠤ ᠪᠠᠷ ᠪᠠᠶᠢᠭᠤᠯᠬᠤ ᠠᠵᠢᠯ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠭᠤᠯᠭ᠎ᠠ ᠶᠢ ᠭᠦᠨᠵᠡᠭᠡᠶᠢᠷᠡᠭᠦᠯᠵᠦ᠂ 1 ᠰᠠᠷ᠎ᠠ ᠶᠢᠨ 10 ᠤ ᠡᠳᠦᠷ᠂ ᠨᠠᠨ ᠭᠤᠸᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠬᠠᠮᠲᠤᠷᠠᠨ ᠬᠠᠮᠲᠤ ᠪᠠᠷ ᠪᠠᠶᠢᠭᠤᠯᠬᠤ ᠨᠢᠭᠡᠴᠡ ᠶᠢᠨ ᠵᠡᠮᠳᠡᠭᠴᠦᠳ ᠤᠨ ᠬᠤᠯᠪᠣᠭ᠎ᠠ ᠶᠢᠨ ᠨᠠᠮ ᠤᠨ ᠡᠭᠦᠷ ᠬᠠᠮᠲᠤᠷᠠᠨ ︽ᠬᠠᠬᠢᠷ ᠬᠦᠢᠲᠡᠨ ᠳᠤ ᠬᠠᠶᠢᠷ᠎ᠠ ᠬᠠᠯᠠᠮᠵᠢ ᠬᠦᠷᠭᠡᠵᠦ ᠨᠠᠮ ᠤᠨ ᠪᠠᠶᠢᠭᠤᠯᠤᠯᠲᠠ ᠶᠢ ᠳᠤᠯᠠᠭᠠᠴᠠᠭ ᠣᠯᠤᠨ᠎ᠠ︾ ᠭᠡᠬᠦ ᠠᠵᠢᠯᠯᠠᠭ᠎ᠠ ᠥᠷᠨᠢᠭᠦᠯᠵᠦ ᠨᠡᠶᠢᠭᠡᠮ ᠲᠣᠭᠤᠷᠢᠭ ᠤᠨ ᠬᠦᠴᠢᠷᠳᠡᠯᠲᠡᠢ ᠵᠡᠮᠳᠡᠭᠴᠦᠳ ᠤᠨ ᠭᠡᠷ ᠪᠦᠯᠢ ᠶᠢ ᠲᠣᠬᠤᠨᠢᠭᠤᠯ ᠵᠤ᠂ ᠲᠡᠳᠡᠨ ᠢ ᠬᠠᠪᠰᠤᠷᠤᠨ ᠠᠮᠢᠳᠤᠷᠠᠯ ᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠪᠡ᠃    ᠲᠣᠬᠤᠨᠢᠭᠤᠯᠬᠤ ᠳᠤᠭᠤᠶᠢᠯᠠᠩ ᠤᠨ ᠬᠢᠨ ᠶᠠᠳᠠᠭᠤ ᠬᠦᠴᠢᠷᠳᠡᠯᠲᠡᠢ 10 ᠵᠡᠮᠳᠡᠭᠴᠦᠳ ᠤᠨ ᠭᠡᠷ ᠪᠦᠯᠢ ᠳᠤ ᠭᠦᠨᠵᠡᠭᠡᠶᠢᠷᠡᠵᠦ᠂ ᠠᠮᠤ ᠪᠤᠳᠠᠭ᠎ᠠ᠂ ᠭᠤᠯᠢᠷ᠂ ᠲᠣᠰᠣ ᠵᠡᠷᠭᠡ ᠠᠮᠢᠳᠤᠷᠠᠯ ᠤᠨ ᠲᠣᠬᠤᠨᠢᠭᠤᠯᠬᠤ ᠪᠣᠳᠠᠰ ᠬᠦᠷᠭᠡᠭᠰᠡᠨ ᠪᠥᠭᠡᠳ ᠲᠡᠳᠡᠨ ᠲᠠᠢ ᠳᠣᠲᠣᠨᠣ ᠪᠠᠷ ᠶᠠᠷᠢᠯᠴᠠᠵᠤ᠂ ᠴᠠᠭᠠᠨ ᠰᠠᠷ᠎ᠠ ᠠᠴᠠ ᠡᠮᠦᠨᠡᠬᠢ ᠵᠡᠮᠳᠡᠭᠴᠦᠳ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠬᠡᠷᠡᠭᠴᠡᠭᠡ᠂ ᠬᠦᠰᠡᠯ ᠡᠷᠡᠮᠡᠯᠵᠡᠯ ᠢ ᠠᠰᠠᠭᠤᠵᠤ᠂ ᠵᠡᠮᠳᠡᠭᠴᠦᠳ ᠲᠤ ᠠᠰᠢᠭ ᠬᠦᠷᠲᠡᠭᠡᠵᠦ ᠵᠡᠮᠳᠡᠭᠴᠦᠳ ᠢ ᠲᠤᠰᠠᠯᠠᠬᠤ ᠲᠥᠷᠥ ᠶᠢᠨ ᠪᠣᠳᠣᠯᠭ᠎ᠠ ᠶᠢ ᠬᠦᠯᠢᠴᠡᠩᠭᠦᠢ ᠪᠠᠷ ᠲᠠᠶᠢᠯᠪᠤᠷᠢᠯᠠᠵᠤ᠂ ᠬᠠᠯᠠᠮᠵᠢᠯᠠᠯ ᠪᠠ ᠵᠥᠩᠨᠡᠯ ᠢ ᠵᠡᠮᠳᠡᠭᠴᠦᠳ ᠤᠨ ᠳᠡᠷᠭᠡᠳᠡ ᠬᠦᠷᠭᠡᠵᠦ᠂ ᠲᠡᠳᠡᠨ ᠢ ᠡᠶ᠎ᠡ ᠨᠠᠶᠢᠷᠠᠮᠳᠠᠭᠤ ᠬᠠᠯᠠᠭᠤᠨ ᠳᠤᠯᠠᠭᠠᠨ ᠴᠠᠭᠠᠨ ᠰᠠᠷ᠎ᠠ ᠶᠢ ᠥᠩᠭᠡᠷᠡᠭᠦᠯᠪᠡ᠃    ᠨᠠᠨ ᠭᠤᠸᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠣᠯᠠᠨ ᠲᠠᠯ᠎ᠠ ᠶᠢᠨ ᠡᠬᠢ ᠪᠠᠶᠠᠯᠢᠭ ᠢᠶᠠᠨ ᠦᠷᠭᠦᠯᠵᠢᠯᠡᠨ ᠨᠢᠭᠡᠳᠬᠡᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠦᠢᠯᠡᠳᠦᠯ ᠴᠢᠳᠠᠪᠤᠷᠢ ᠶᠢ ᠭᠦᠢᠴᠡᠳ ᠪᠠᠳᠠᠷᠠᠭᠤᠯᠵᠤ᠂ ︽ᠪᠢᠴᠢᠯ ᠠᠵᠢᠯᠯᠠᠭ᠎ᠠ︾ ᠪᠠᠷ ᠵᠡᠮᠳᠡᠭᠴᠦᠳ ᠤᠨ ︽ᠪᠢᠴᠢᠯ ᠬᠦᠰᠡᠯ︾ ᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠬᠠᠷᠢᠭᠤᠴᠠᠯᠭ᠎ᠠ ᠪᠠ ᠡᠭᠦᠷᠭᠡᠯᠡᠯ ᠢ ᠦᠢᠯᠡᠳᠦᠯᠭᠡᠵᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠨᠡᠩ ᠣᠯᠠᠨ ᠬᠠᠯᠠᠮᠵᠢᠯᠠᠯ ᠪᠠ ᠬᠠᠪᠰᠤᠷᠤᠯᠭ᠎ᠠ ᠶᠢ ᠬᠦᠷᠭᠡᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠬᠦᠴᠢᠷᠳᠡᠯᠲᠡᠢ ᠶᠠᠪᠤᠳᠠᠯ᠂ ᠪᠤᠬᠢᠨᠢᠳᠤᠯ ᠲᠠᠢ ᠶᠠᠪᠤᠳᠠᠯ ᠢ ᠰᠡᠳᠬᠢᠯ ᠲᠠᠯᠪᠢᠨ᠂ ᠬᠠᠶᠢᠷ᠎ᠠ ᠰᠡᠳᠬᠢᠯᠭᠡ ᠪᠠᠷ ᠬᠦᠴᠦᠯᠡᠨ ᠰᠢᠢᠳᠪᠦᠷᠢᠯᠡᠨ᠎ᠡ᠃ 
 
ᠢᠷᠡᠯᠲᠡ᠄ ᠵᠢᠨᠱᠠᠨ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号