1 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠰᠢ ᠳ᠋ᠧᠦ ᠫᠦ᠋ ᠪᠠᠯᠭᠠᠰᠤ ᠲᠣᠰᠬᠤᠨ ᠳᠤ ᠰᠠᠭᠤᠭ᠎ᠠ | ᠰᠢᠨ᠎ᠡ ᠬᠠᠭᠤᠴᠢᠨ ᠺᠠᠳ᠋ᠷ ᠢ ᠲᠤᠰᠢᠶᠠᠬᠤ ᠪᠠ ᠬᠦᠯᠢᠶᠡᠨ ᠠᠪᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ | ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠠᠮ ᠪᠠ ᠣᠯᠠᠨ | ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠯᠢ ᠯᠢᠩ ᠪᠢᠨ ᠬᠤᠷᠠᠯ ᠡᠷᠬᠢᠯᠡᠵᠦ᠂ ᠬᠤᠪᠢᠳᠠᠨ ᠬᠠᠮᠢᠶᠠᠷᠴᠤ | ᠪᠠᠶᠢᠭ᠎ᠠ ᠳᠡᠳ᠋ ᠳᠠᠷᠤᠭ᠎ᠠ ᠰᠤᠳᠤᠰᠡᠴᠡᠨ᠂ 7 ᠨᠠᠮ ᠤᠨ ᠡᠭᠦᠷ ᠤᠨ ᠱᠦᠵᠢ᠂ 7 ᠰᠢᠨ᠎ᠡ ᠪᠠᠷ ᠲᠣᠮᠢᠯᠠᠨ | ᠰᠠᠭᠤᠯᠭᠠᠭᠰᠠᠨ ᠲᠣᠰᠬᠤᠨ ᠤ ᠺᠠᠳ᠋ᠷ᠂ 13 ᠤᠤᠯ ᠤᠨ ᠲᠣᠰᠬᠤᠨ ᠳᠤ ᠰᠠᠭᠤᠭ᠎ᠠ ᠺᠠᠳ᠋ᠷ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠯᠢ ᠯᠢᠩ ᠪᠢᠨ ᠱᠦᠵᠢ ᠡᠩ ᠲᠡᠷᠢᠭᠦᠨ ᠳᠤ ︽ᠭᠤᠣᠯᠳᠠᠯᠭ᠎ᠠ ᠲᠠᠢ ᠬᠥᠳᠡᠭᠡ ᠲᠣᠰᠬᠤᠨ ᠳᠤ | ᠰᠠᠭᠤᠭ᠎ᠠ ᠨᠢᠭᠡᠳᠦᠭᠡᠷ ᠱᠦᠵᠢ ᠪᠣᠯᠤᠨ ᠠᠵᠢᠯᠯᠠᠬᠤ ᠠᠩᠭᠢ ᠶᠢ ᠦᠷᠭᠦᠯᠵᠢᠯᠡᠨ ᠰᠣᠩᠭᠤᠨ ᠲᠣᠮᠢᠯᠠᠬᠤ ᠲᠤᠬᠠᠢ ᠰᠠᠨᠠᠯ︾ | ᠢ ᠤᠯᠠᠮᠵᠢᠯᠠᠨ ᠰᠤᠷᠤᠯᠴᠠᠵᠤ᠂ ᠰᠤᠳᠤᠰᠡᠴᠡᠨ ᠤ ᠳᠡᠳ᠋ ᠪᠠᠯᠭᠠᠰᠤᠨ ᠳᠠᠷᠤᠭ᠎ᠠ ︽ᠭᠠᠴᠠᠭ᠎ᠠ ᠲᠣᠰᠬᠤᠨ ᠳᠤ ᠰᠠᠭᠤᠭ᠎ᠠ | ᠨᠢᠭᠡᠳᠦᠭᠡᠷ ᠱᠦᠵᠢ ᠪᠣᠯᠤᠨ ᠠᠵᠢᠯᠯᠠᠬᠤ ᠭᠡᠰᠢᠭᠦᠨ ᠢ ᠰᠢᠯᠢᠳᠡᠭᠵᠢᠭᠦᠯᠦᠨ ᠲᠣᠬᠢᠷᠠᠭᠤᠯᠬᠤ ᠠᠵᠢᠯ ᠢ ᠰᠠᠶᠢᠲᠤᠷ ᠬᠢᠬᠦ | ᠲᠤᠬᠠᠢ ᠮᠡᠳᠡᠭᠳᠡᠯ︾ ᠪᠣᠯᠤᠨ ︽ᠲᠣᠰᠬᠤᠨ ᠳᠤ ᠰᠠᠭᠤᠭ᠎ᠠ ᠺᠠᠳ᠋ᠷ ᠤᠨ ᠠᠵᠢᠯ ᠳᠤ ᠭᠠᠷᠬᠤ ᠶᠢ ᠰᠢᠯᠭᠠᠨ ᠪᠠᠶᠢᠴᠠᠭᠠᠵᠤ | ᠺᠠᠷᠲ ᠴᠣᠬᠢᠬᠤ ᠪᠠ ᠴᠢᠯᠥᠭᠡ ᠭᠤᠶᠤᠬᠤ ᠳᠦᠷᠢᠮ︾ ᠢ ᠤᠯᠠᠮᠵᠢᠯᠠᠭᠰᠠᠨ ᠪᠥᠭᠡᠳ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠡᠭᠦᠷᠭᠡ ᠶᠢᠨ ᠲᠤᠬᠠᠢ ᠰᠢᠰᠲ᠋ᠧᠮ ᠲᠠᠢ | ᠰᠤᠷᠤᠯᠴᠠᠯᠭ᠎ᠠ ᠬᠢᠵᠦ᠂ ᠰᠢᠨ᠎ᠡ ᠪᠠᠷ ᠲᠤᠰᠢᠶᠠᠯ ᠳᠤ ᠭᠠᠷᠤᠭᠰᠠᠨ ᠲᠣᠰᠬᠤᠨ ᠳᠤ ᠰᠠᠭᠤᠭ᠎ᠠ ᠺᠠᠳ᠋ᠷ ᠠᠴᠠ ᠥᠪᠡᠷ ᠤᠨ | ᠲᠤᠯᠭᠠᠷᠠᠵᠤ ᠪᠠᠶᠢᠭ᠎ᠠ ᠠᠵᠢᠯ ᠢᠶᠠᠨ ᠰᠢᠰᠲ᠋ᠧᠮ ᠲᠠᠢ ᠪᠠᠷ ᠣᠶᠢᠯᠠᠭᠠᠪᠠ᠃ | ᠠᠬᠠᠮᠠᠳ ᠭᠡᠰᠢᠭᠦᠳ ᠲᠥᠷᠥᠭᠳᠡᠯ ᠢᠶᠠᠨ ᠶᠠᠷᠢᠯᠴᠠᠬᠤ᠂ ᠲᠥᠷᠥᠭᠳᠡᠯ ᠢᠶᠠᠨ ᠬᠡᠯᠡᠬᠦ ᠪᠠ ᠲᠤᠷᠰᠢᠯᠭ᠎ᠠ ᠪᠠᠨ ᠶᠠᠷᠢᠬᠤ | ᠠᠷᠭ᠎ᠠ ᠬᠡᠯᠪᠡᠷᠢ ᠪᠠᠷ ᠲᠣᠰᠬᠤᠨ ᠳᠤ ᠰᠠᠭᠤᠭ᠎ᠠ ᠠᠵᠢᠯ ᠢ ᠬᠤᠪᠢᠶᠠᠯᠴᠠᠨ ᠳ᠋ᠦᠩᠨᠡᠵᠦ᠂ ᠰᠢᠨ᠎ᠡ ᠭᠡᠰᠢᠭᠦᠳ ᠴᠦ | ᠢᠳᠡᠪᠬᠢᠲᠡᠢ ᠪᠠᠷ ᠠᠵᠢᠯ ᠢᠶᠠᠨ ᠳ᠋ᠦᠩᠨᠡᠵᠦ᠂ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ ᠵᠣᠷᠢᠭ ᠰᠠᠨᠠᠭ᠎ᠠ ᠪᠠᠨ | ᠪᠠᠳᠠᠷᠠᠭᠤᠯᠵᠤ᠂ ᠣᠯᠠᠨ ᠲᠦᠮᠡᠨ ᠳᠤ ᠢᠯᠡᠭᠦᠬᠡᠨ ᠪᠣᠳᠠᠲᠠᠢ ᠶᠠᠪᠤᠳᠠᠯ᠂ ᠰᠠᠶᠢᠨ ᠶᠠᠪᠤᠳᠠᠯ ᠬᠢᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠳᠤ ᠬᠦᠴᠦᠨ ᠴᠢᠳᠠᠯ ᠢᠶᠠᠨ | ᠡᠷᠭᠦᠨ᠎ᠡ ᠭᠡᠵᠦ ᠢᠯᠡᠳᠬᠡᠪᠡ᠃ | ᠯᠢ ᠯᠢᠩ ᠪᠢᠨ ᠱᠦᠵᠢ ᠲᠣᠰᠬᠤᠨ ᠳᠤ ᠰᠠᠭᠤᠭ᠎ᠠ ᠠᠬᠠᠮᠠᠳ ᠺᠠᠳ᠋ᠷ ᠤᠨ ᠲᠣᠰᠬᠤᠨ ᠳᠤ ᠰᠠᠭᠤᠭ᠎ᠠ | ᠬᠤᠭᠤᠴᠠᠭᠠᠨ ᠳᠤ ᠣᠯᠤᠭᠰᠠᠨ ᠠᠮᠵᠢᠯᠲᠠ ᠪᠣᠯᠤᠨ ᠤᠷᠲᠤ ᠬᠤᠭᠤᠴᠠᠭᠠᠨ ᠤ ᠰᠢᠷᠭᠠᠭᠤ ᠬᠠᠲᠠᠭᠤᠵᠢᠯᠲᠠᠢ | ᠴᠢᠷᠮᠠᠶᠢᠯᠭ᠎ᠠ ᠶᠢ ᠳᠡᠭᠡᠳᠦ ᠬᠡᠮᠵᠢᠶ᠎ᠡ ᠪᠠᠷ ᠨᠤᠲᠠᠯᠠᠭᠰᠠᠨ ᠪᠥᠭᠡᠳ ᠲᠣᠮᠢᠯᠠᠭᠰᠠᠨ ᠪᠠᠶᠢᠭᠤᠯᠭ᠎ᠠ ᠶᠢᠨ ᠳᠡᠮᠵᠢᠯᠭᠡ ᠳᠤ | ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠣᠰᠬᠤᠨ ᠳᠤ ᠰᠠᠭᠤᠭ᠎ᠠ ᠪᠦᠬᠦ ᠺᠠᠳ᠋ᠷᠴᠤᠳ ᠲᠤ᠄ ᠨᠢᠭᠡ ᠳᠤ ︽ | ᠪᠡᠶ᠎ᠡ ᠪᠠᠷ ᠢᠶᠠᠨ ᠣᠷᠣᠵᠤ︾᠂ ᠲᠣᠰᠬᠤᠨ ᠳᠤ ᠰᠠᠭᠤᠵᠤ ᠂ ᠲᠣᠰᠬᠤᠨ ᠢ ᠬᠥᠭᠵᠢᠭᠦᠯᠦᠨ ᠠᠷᠠᠳ ᠢᠶᠠᠨ ᠮᠠᠨᠳᠤᠭᠤᠯᠵᠤ | ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠲᠠᠷᠢᠶᠠᠴᠢᠳ ᠲᠤ ᠦᠢᠯᠡᠴᠢᠯᠡᠵᠦ᠂ ᠣᠯᠠᠨ ᠲᠦᠮᠡᠨ ᠤ ᠳᠣᠲᠣᠨᠣ ᠬᠥᠮᠦᠨ | ᠪᠣᠯᠬᠤ ᠬᠡᠷᠡᠭᠲᠡᠢ ᠭᠡᠵᠦ ᠱᠠᠭᠠᠷᠳᠠᠪᠠ᠃ ᠬᠤᠶᠠᠷ ᠲᠤ᠂ ᠰᠤᠷᠤᠯᠴᠠᠯᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢ ᠣᠶᠢᠯᠠᠭᠠᠵᠤ᠂ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠠᠷᠠᠳ ᠤᠯᠠᠨ ᠳᠤ | ᠦᠢᠯᠡᠴᠢᠯᠡᠨ᠎ᠡ᠃ ᠭᠤᠷᠪᠠ ᠳᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠪᠣᠳᠠᠲᠤ ᠠᠮᠵᠢᠯᠲᠠ ᠪᠠᠷ ᠢᠶᠠᠨ | ᠵᠢᠳᠬᠦᠯ ᠴᠢᠷᠮᠠᠶᠢᠯᠭ᠎ᠠ ᠭᠠᠷᠭᠠᠵᠤ᠂ ᠪᠣᠳᠠᠲᠠᠢ ᠠᠵᠢᠯᠯᠠᠬᠤ ᠪᠠᠷ ᠡᠭᠦᠷᠭᠡᠯᠡᠯ ᠢᠶᠠᠨ ᠢᠯᠡᠷᠡᠭᠦᠯᠵᠦ᠂ ᠡᠯ᠎ᠡ ᠵᠦᠢᠯ ᠤᠨ | ᠠᠵᠢᠯ ᠤᠨ ᠡᠭᠦᠷᠭᠡ ᠪᠠᠨ ᠴᠢᠷᠮᠠᠶᠢᠨ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ | ᠵᠦᠢᠯ ᠤᠨ ᠠᠵᠢᠯ ᠤᠨ ᠥᠷᠨᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠳᠥᠷᠪᠡ ᠳᠤ᠂ | ᠵᠣᠷᠢᠭᠲᠠᠢ ᠪᠠᠷ ᠰᠢᠨ᠎ᠡ ᠶᠢ ᠡᠭᠦᠳᠴᠦ᠂ ᠲᠣᠭᠲᠠᠭᠰᠠᠨ ᠠᠵᠢᠯ ᠤᠨ ᠠᠭᠤᠯᠭ᠎ᠠ ᠶᠢ ᠬᠠᠩᠭᠠᠬᠤ ᠦᠭᠡᠢ᠂ ᠠᠷᠭ᠎ᠠ | ᠪᠦᠬᠦᠨ ᠢ ᠰᠦᠪᠡᠭᠴᠢᠯᠡᠨ ᠰᠡᠳᠬᠢᠴᠡ ᠶᠢ ᠰᠦᠪᠡᠭᠴᠢᠯᠡᠵᠦ᠂ ᠬᠡᠪ ᠤᠨ ᠠᠷᠭ᠎ᠠ ᠶᠢ ᠰᠦᠪᠡᠭᠴᠢᠯᠡᠵᠦ᠂ ᠲᠠᠷᠢᠬᠢ | ᠲᠣᠯᠣᠭᠠᠢ ᠪᠠᠨ ᠠᠰᠢᠭᠯᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠢ ᠳ᠋ᠧᠦ ᠫᠦ᠋ ᠪᠠᠯᠭᠠᠰᠤᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠲᠤ ᠬᠦᠴᠦᠨ ᠨᠡᠮᠡᠷᠢᠯᠡᠨ᠎ᠡ᠃ ᠲᠠᠪᠤ ᠳᠤ᠂ ᠪᠡᠶ᠎ᠡ ᠪᠠᠨ ᠴᠢᠩᠭ᠎ᠠ | ᠬᠠᠮᠢᠶᠠᠷᠴᠤ᠂ ᠭᠦᠨ ᠵᠤᠵᠠᠭᠠᠨ ᠬᠠᠶᠢᠷᠠᠯᠠᠵᠤ᠂ ᠥᠪᠡᠷ ᠤᠨ ᠪᠡᠶ᠎ᠡ ᠭᠠᠷᠤᠯ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠲᠣᠰᠬᠤᠨ ᠳᠤ ᠰᠠᠭᠤᠬᠤ ᠠᠵᠢᠯ ᠳᠤ ᠣᠷᠣᠯᠴᠠᠵᠤ᠂ ᠣᠯᠠᠨ | ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ | ᠬᠡᠷᠡᠭᠲᠡᠢ ᠬᠡᠪᠡ᠃ | |