ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ 2024 ᠣᠨ ᠤ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠰᠢᠭᠤᠳ ᠬᠠᠷᠢᠶ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠰᠢᠯᠭᠠᠬᠤ ᠵᠢᠴᠢ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠬᠠᠮᠲᠤᠷᠠᠭᠰᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/14
    1 ᠰᠠᠷ᠎ᠠ ᠶᠢᠨ 13 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ 2024 ᠣᠨ ᠤ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠰᠢᠭᠤᠳ ᠬᠠᠷᠢᠶ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠰᠢᠯᠭᠠᠬᠤ ᠵᠢᠴᠢ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠰᠢᠭᠦᠬᠦ ᠬᠤᠷᠢᠶ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ ᠵᠡᠷᠭᠡ ᠬᠡᠰᠡᠭ ᠪᠠᠶᠢᠭᠤᠯᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠤᠬᠠᠢ ᠶᠢᠨ ᠲᠠᠯᠠᠪᠠᠢ ᠳᠤ ᠲᠤᠰᠢᠶᠠᠯ ᠤᠨ ᠮᠡᠳᠡᠭᠦᠯᠦᠯᠲᠡ ᠬᠢᠵᠦ᠂ ᠪᠤᠰᠤᠳ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠢᠴᠢᠭ ᠤᠨ ᠮᠡᠳᠡᠭᠦᠯᠦᠯᠲᠡ ᠬᠢᠵᠡᠢ᠃ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠭᠡᠰᠢᠭᠦᠨ᠂ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠢᠶᠠᠨ ᠤ ᠱᠠᠲᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠵᠢᠨᠱᠠᠨ ᠪᠠᠯᠭᠠᠰᠤ ᠪᠣᠯᠤᠨ ᠡᠯ᠎ᠡ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠡᠷᠭᠡ 134 ᠬᠥᠮᠦᠨ ᠬᠤᠷᠠᠯ ᠳᠤ ᠣᠷᠣᠯᠴᠠᠭᠰᠠᠨ ᠪᠥᠭᠡᠳ ᠲᠤᠬᠠᠢ ᠶᠢᠨ ᠲᠠᠯᠠᠪᠤᠷ ᠲᠤ ᠰᠢᠯᠭᠠᠨ ᠦᠨᠡᠯᠡᠪᠡ᠃    ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠱᠦᠵᠢ ᠲᠤᠬᠠᠢ ᠶᠢᠨ ᠲᠠᠯᠠᠪᠤᠷ ᠲᠤ ᠲᠤᠰᠢᠶᠠᠯ ᠤᠨ ᠮᠡᠳᠡᠭᠦᠯᠦᠯᠲᠡ ᠬᠢᠭᠰᠡᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠨᠢᠭᠡᠳ ᠨᠢᠭᠡ ᠪᠠᠷ ᠦᠨᠡᠯᠡᠭᠰᠡᠨ ᠪᠥᠭᠡᠳ ᠪᠦᠬᠦᠯᠢ ᠴᠣᠭᠴᠠ ᠶᠢᠨ ᠶᠡᠷᠦᠩᠬᠡᠶᠢᠯᠡᠭᠰᠡᠨ ᠦᠨᠡᠯᠡᠯᠲᠡ ᠬᠢᠵᠦ᠂ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠣᠯᠤᠭᠰᠠᠨ ᠠᠮᠵᠢᠯᠲᠠ ᠶᠢ ᠨᠤᠲᠠᠯᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠵᠤ᠂ ᠳᠠᠷᠠᠭᠠᠴᠢ ᠶᠢᠨ ᠠᠯᠬᠤᠮ ᠤᠨ ᠠᠵᠢᠯ ᠤᠨ ᠴᠢᠭᠯᠡᠯ ᠢ ᠳᠤᠷᠠᠳᠪᠠ᠃ ᠰᠢᠶᠠᠨ ᠤ ᠰᠢᠭᠤᠳ ᠬᠠᠷᠢᠶ᠎ᠠ ᠮᠠᠰᠢᠨ ᠤ ᠠᠵᠢᠯ ᠤᠨ ᠬᠤᠷᠢᠶᠠᠨ ᠤ ᠭᠡᠰᠢᠭᠦᠳ ᠪᠠᠰᠠ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠵᠢᠯᠣᠭᠤᠳᠬᠤ ᠰᠠᠨᠠᠯ ᠳᠤᠷᠠᠳᠪᠠ᠃ ᠡᠯ᠎ᠡ ᠰᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠤᠰᠢᠶᠠᠯ ᠤᠨ ᠮᠡᠳᠡᠭᠦᠯᠦᠯᠲᠡ ᠬᠢᠭᠰᠡᠨ ᠤ ᠳᠠᠷᠠᠭ᠎ᠠ᠂ ᠵᠢᠨᠱᠠᠨ ᠪᠠᠯᠭᠠᠰᠤᠨ ᠤ ᠨᠠᠮ ᠤᠨ ᠬᠤᠷᠢᠶ᠎ᠠ᠂ ᠲᠠᠷᠢᠶᠠᠯᠠᠩ ᠢ ᠳᠡᠮᠵᠢᠬᠦ ᠨᠡᠶᠢᠭᠡᠮ ᠲᠣᠭᠤᠷᠢᠭ ᠪᠣᠯᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ  ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃ ᠬᠤᠷᠠᠯ ᠠᠴᠠ ᠡᠯ᠎ᠡ ᠬᠠᠷᠢᠯᠴᠠᠨ ᠬᠤᠯᠪᠣᠭᠠᠯᠠᠵᠤ ᠬᠠᠮᠲᠤᠪᠠᠷ ᠪᠠᠶᠢᠭᠤᠯᠬᠤ ᠪᠦᠷᠢᠯᠳᠦᠬᠦᠨ ᠨᠢᠭᠡᠴᠡ ᠶᠢᠨ ︽ᠬᠤᠣᠰ ᠨᠡᠷ᠎ᠡ ᠮᠡᠳᠡᠭᠦᠯᠬᠦ᠂ ᠬᠤᠣᠰ ᠦᠢᠯᠡᠴᠢᠯᠡᠭᠡ᠂ ᠬᠤᠣᠰ ᠮᠡᠳᠡᠭᠦᠯᠦᠯᠲᠡ︾ ᠥᠷᠨᠢᠭᠦᠯᠬᠦ ᠠᠵᠢᠯ ᠤᠨ ᠣᠯᠤᠭᠰᠠᠨ ᠠᠮᠵᠢᠯᠲᠠ ᠶᠢ ᠨᠤᠲᠠᠯᠠᠬᠤ ᠶᠢᠨ ᠬᠠᠮᠲᠤ ᠪᠥᠬᠦ ᠰᠢᠶᠠᠨ ᠤ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠳᠤ ᠣᠷᠣᠰᠢᠵᠤ ᠪᠠᠶᠢᠭ᠎ᠠ ᠵᠠᠷᠢᠮ ᠪᠠᠭᠤᠷᠠᠢ ᠭᠤᠭᠴᠤᠭ᠎ᠠ ᠶᠢ ᠳᠤᠷᠠᠳᠴᠤ᠂ ᠤᠯᠤᠰ ᠲᠥᠷᠥ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢᠨ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠨᠠᠮ ᠤᠨ ᠪᠠᠶᠢᠭᠤᠯᠤᠯᠲᠠ ᠶᠢᠨ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ᠂ ᠨᠢᠭᠡ ᠳᠤ᠂ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠬᠤ ᠬᠡᠷᠡᠭᠲᠡᠢ᠃ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠬᠦ ᠶᠢ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠪᠦᠬᠦ ᠶᠠᠪᠤᠴᠠ ᠪᠠ ᠡᠯ᠎ᠡ ᠲᠠᠯ᠎ᠠ ᠳᠤ ᠲᠤᠤᠱᠯᠠᠭᠤᠯᠵᠤ᠂ ᠪᠠᠶᠢᠭᠤᠯᠤᠯᠭ᠎ᠠ ᠶᠢᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠭᠤᠯᠵᠤ᠂ ︽ᠲᠦᠷᠪᠡᠨ ᠤᠬᠠᠮᠰᠠᠷ︾ ᠢᠶᠠᠨ ᠦᠨᠡᠨᠬᠦ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠳᠦᠷᠢᠮ ᠤᠨ ᠬᠡᠷᠡᠭᠵᠢᠭᠦᠯᠦᠯᠲᠡ ᠶᠢ ᠴᠢᠩᠭᠠᠳᠬᠠᠬᠤ ᠬᠡᠷᠡᠭᠲᠡᠢ᠃ ︽ᠭᠤᠷᠪᠠᠨ ᠬᠤᠷᠠᠯ ᠨᠢᠭᠡ ᠬᠢᠴᠢᠶᠡᠯ︾᠂ ᠰᠡᠳᠬᠢᠯ ᠤᠨ ᠦᠭᠡ ᠪᠠᠨ ᠶᠠᠷᠢᠯᠴᠠᠬᠤ ᠵᠡᠷᠭᠡ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠦᠨᠳᠦᠰᠦᠨ ᠳᠦᠷᠢᠮ ᠢ ᠴᠢᠩᠭ᠎ᠠ ᠬᠡᠷᠡᠭᠵᠢᠭᠦᠯᠵᠦ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ︽ᠨᠠᠮ ᠤᠨ ᠦᠨᠦᠷ ᠠᠮᠲᠠ︾ ᠥᠳᠬᠡᠨ᠂ ︽ᠰᠣᠷᠭᠤᠭ ᠠᠮᠲᠠ︾ ᠭᠦᠢᠴᠡᠳ᠂ ︽ᠬᠠᠯᠠᠭᠤᠨ ᠠᠮᠲᠠ︾ ᠭᠦᠢᠴᠡᠳ ᠪᠠᠶᠢᠯᠭᠠᠬᠤ ᠬᠡᠷᠡᠭᠲᠡᠢ᠃ ᠭᠤᠷᠪᠠ ᠳᠤ᠂ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠴᠢᠩᠭᠠᠳᠬᠠᠬᠤ ᠬᠡᠷᠡᠭᠲᠡᠢ᠃ ᠪᠠᠶᠢᠭᠤᠯᠭ᠎ᠠ ᠶᠢᠨ ᠨᠠᠮ ᠤᠨ ᠡᠭᠦᠷ ᠤᠨ ᠳᠦᠷᠢᠮᠵᠢᠭᠦᠯᠦᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠲᠣᠭᠤᠷᠢᠨ ᠦᠵᠡᠵᠦ ᠰᠣᠯᠢᠯᠴᠠᠬᠤ ᠵᠡᠷᠭᠡ ᠠᠷᠭ᠎ᠠ ᠮᠠᠶ᠋ᠢᠭ ᠢ ᠠᠪᠴᠤ᠂ ᠪᠠᠲᠤ ᠴᠢᠩᠭ᠎ᠠ ᠪᠠᠬᠢᠯᠡᠯᠲᠡ᠂ ᠵᠢᠱᠢᠶᠡᠴᠢ ᠨᠠᠮ ᠤᠨ ᠡᠭᠦᠷ ᠢ ᠡᠭᠦᠳᠦᠨ ᠪᠠᠶᠢᠭᠤᠯᠬᠤ ᠠᠵᠢᠯ ᠢ ᠮᠥᠷᠳᠡᠨ ᠠᠬᠢᠭᠤᠯᠵᠤ᠂ ᠦᠨᠳᠦᠰᠦᠨ ᠱᠠᠲᠤ ᠶᠢ ᠶᠡᠬᠡᠪᠡᠷ ᠠᠳᠬᠤᠬᠤ᠂ ᠨᠠᠮ ᠤᠨ ᠡᠭᠦᠷ ᠢ ᠶᠡᠬᠡᠪᠡᠷ ᠠᠳᠬᠤᠬᠤ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠬᠤ ᠶᠢ ᠠᠬᠢᠭᠤᠯᠤᠨ᠎ᠠ᠃ ᠳᠥᠷᠪᠡ ᠳᠤ᠂ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ︽ᠱᠦᠵᠢ ᠠᠳᠬᠤᠬᠤ᠂ ᠱᠦᠵᠢ ᠶᠢ ᠠᠳᠬᠤᠬᠤ︾ ᠶᠢ ᠪᠠᠷᠢᠮᠲᠠᠯᠠᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠦᠢᠯᠡᠳᠦᠯ ᠢ ᠪᠠᠳᠠᠷᠠᠭᠤᠯᠵᠤ᠂ ᠨᠢᠭᠡ ᠱᠠᠲᠤ ᠨᠢ ᠨᠢᠭᠡ ᠱᠠᠲᠤ ᠪᠠᠨ ᠳᠠᠶᠢᠴᠢᠯᠠᠵᠤ᠂ ᠱᠠᠲᠤ ᠱᠠᠲᠤ ᠪᠠᠷ ᠳᠠᠷᠤᠯᠲᠠ ᠥᠭᠴᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠪᠦᠷᠢᠯᠳᠦᠬᠦᠨ ᠤ ᠬᠠᠷᠢᠭᠤᠴᠠᠯᠭ᠎ᠠ ᠶᠢᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠢ᠃ ᠲᠠᠪᠤ ᠳᠤ᠂ ᠬᠠᠷᠢᠯᠴᠠᠨ ᠬᠤᠯᠪᠣᠭᠠᠯᠠᠵᠤ ᠬᠠᠮᠲᠤᠪᠠᠷ ᠪᠠᠶᠢᠭᠤᠯᠬᠤ ᠶᠢ ᠴᠢᠩᠭᠠᠳᠬᠠᠬᠤ ᠬᠡᠷᠡᠭᠲᠡᠢ᠃ ᠰᠢᠰᠲ᠋ᠧᠮ ᠲᠠᠢ ᠲᠥᠯᠥᠪᠵᠢᠭᠦᠯᠬᠦ᠂ ᠪᠦᠬᠦᠯᠢ ᠴᠣᠭᠴᠠ ᠪᠠᠷ ᠠᠬᠢᠭᠤᠯᠬᠤ ᠶᠢ ᠪᠠᠷᠢᠮᠲᠠᠯᠠᠵᠤ᠂ ︽ᠬᠤᠶᠠᠷ ᠢ ᠮᠡᠳᠡᠭᠦᠯᠵᠦ ᠬᠦᠷᠭᠡᠬᠦ᠂ ᠬᠤᠶᠠᠷ ᠢ ᠦᠢᠯᠡᠴᠢᠯᠡᠬᠦ᠂ ᠬᠤᠶᠠᠷ ᠢ ᠮᠡᠳᠡᠭᠦᠯᠬᠦ︾ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠡᠶᠢᠭᠡᠮ ᠲᠣᠭᠤᠷᠢᠭ᠂ ᠣᠯᠠᠨ ᠲᠦᠮᠡᠨ ᠲᠠᠢ ᠨᠢᠭᠲᠠ ᠬᠠᠷᠢᠯᠴᠠᠵᠤ᠂ ᠵᠣᠬᠢᠶᠠᠨ ᠪᠠᠶᠢᠭᠤᠯᠵᠤ ᠬᠤᠯᠪᠣᠭᠠᠯᠠᠨ ᠪᠠᠶᠢᠭᠤᠯᠬᠤ᠂ ᠵᠠᠰᠠᠬᠤ ᠶᠢ ᠬᠤᠯᠪᠣᠭᠠᠯᠠᠨ ᠠᠳᠬᠤᠬᠤ᠂ ᠡᠬᠢ ᠪᠠᠶᠠᠯᠢᠭ ᠢ ᠬᠤᠯᠪᠣᠭᠠᠯᠠᠨ ᠭᠥᠷᠳᠡᠬᠦ᠂ ᠠᠵᠢᠯᠯᠠᠭ᠎ᠠ ᠶᠢ ᠬᠤᠯᠪᠣᠭᠠᠯᠠᠨ ᠭᠦᠢᠴᠡᠳᠬᠡᠬᠦ᠂ ᠦᠢᠯᠡᠴᠢᠯᠡᠭᠡ ᠶᠢ ᠬᠤᠯᠪᠣᠭᠠᠯᠠᠨ ᠬᠢᠬᠦ ᠶᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠨᠡᠶᠢᠯᠡᠮᠡᠯ ᠴᠢᠳᠠᠮᠵᠢ ᠶᠢ ᠦᠨᠡᠨ ᠬᠦ ᠴᠢᠩᠭᠠᠳᠬᠠᠪᠠ᠃
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号