ᠶᠢᠨ ᠬᠤᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︽ᠥᠯᠵᠡᠶᠢᠲᠦ ᠮᠣᠭᠠᠢ ᠵᠢᠯ ᠤᠨ ᠴᠠᠭᠠᠨ ᠰᠠᠷ᠎ᠠ ᠪᠠᠨ ᠤᠭᠲᠤᠬᠤ︾ ᠭᠤᠣᠯ ᠰᠡᠳᠦᠪᠲᠦ ᠰᠣᠶᠣᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/14
    ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠪᠠᠶᠠᠷ ᠪᠠᠶᠠᠰᠤᠯ ᠲᠠᠢ᠂ ᠡᠶ᠎ᠡ ᠨᠠᠶᠢᠷᠠᠮᠳᠠᠭᠤ ᠰᠢᠨ᠎ᠡ ᠵᠢᠯ ᠤᠨ ᠠᠭᠤᠷ ᠠᠮᠢᠰᠬᠤᠯ ᠢ ᠪᠣᠢ ᠪᠣᠯᠭᠠᠬᠤ ᠶᠢᠨ ᠲᠥᠯᠥᠭᠡ᠂ 1 ᠰᠠᠷ᠎ᠠ ᠶᠢᠨ 9 ᠤ ᠡᠳᠦᠷ᠂ ᠶᠢᠨ ᠬᠤᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠪᠠᠶᠢᠭ᠎ᠠ ᠪᠠᠯᠭᠠᠰᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ︽ᠴᠠᠭᠠᠨ ᠰᠠᠷ᠎ᠠ ᠪᠠᠨ ᠪᠡᠯᠭᠡᠯᠡᠬᠦ︾ ᠭᠤᠣᠯ ᠰᠡᠳᠦᠪᠲᠦ ᠬᠤᠣᠰ ᠤᠶᠠᠩᠭ᠎ᠠ ᠪᠢᠴᠢᠬᠦ ᠠᠵᠢᠯᠯᠠᠭ᠎ᠠ ᠥᠷᠨᠢᠭᠦᠯᠵᠡᠢ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠭᠠᠨ ᠴᠠᠭᠠᠰᠤ ᠲᠡᠯᠭᠡᠵᠦ᠂ ᠪᠡᠭᠡ ᠶᠢᠨ ᠦᠨᠦᠷ ᠬᠠᠩᠬᠤᠯᠵᠤ᠂ ᠪᠠᠶᠠᠷ ᠪᠠᠶᠠᠰᠬᠤᠯᠠᠩ ᠲᠠᠢ ᠠᠭᠤᠷ ᠠᠮᠢᠰᠬᠤᠯ ᠢᠶᠠᠷ ᠪᠢᠯᠬᠠᠨ᠎ᠠ᠃ ᠺᠠᠳ᠋ᠷ ᠣᠯᠠᠨ ᠲᠦᠮᠡᠨ ᠪᠢᠷ ᠪᠡᠬᠡᠰ ᠰᠠᠴᠤᠵᠤ᠂ ᠶᠠᠪᠤᠭᠠᠨ ᠤᠰᠤᠨ ᠮᠡᠲᠦ ᠪᠢᠴᠢᠯᠭᠡ ᠪᠠᠷ ᠥᠯᠵᠡᠢ ᠪᠡᠯᠭᠡ ᠲᠠᠢ ᠴᠠᠭᠠᠨ ᠰᠠᠷ᠎ᠠ ᠶᠢᠨ ᠬᠤᠣᠰ ᠤᠶᠠᠩᠭ᠎ᠠ ᠶᠢ ᠪᠢᠴᠢᠭᠯᠡᠪᠡ ᠃ ︽ᠬᠠᠪᠤᠷ ᠤᠨ ᠤᠷᠢᠬᠠᠨ ᠰᠠᠯᠬᠢ ᠳᠡᠭᠦᠯᠢᠨ ᠤᠷᠤᠰᠴᠤ᠂ ᠨᠡᠶᠢᠭᠡᠮ ᠤᠨ ᠡᠶ᠎ᠡ ᠵᠣᠬᠢᠴᠠᠩᠭᠤᠢ ᠰᠠᠷ᠎ᠠ ᠡᠳᠦᠷ ︾ ︽ᠦᠯᠵᠡᠶᠢᠳᠦ ᠮᠣᠭᠠᠢ ᠳᠡᠯᠡᠬᠡᠢ ᠳ᠋ᠠᠬᠢᠨ ᠢ ᠭᠡᠶᠢᠭᠦᠯᠦᠨ ᠪᠠᠶᠠᠰᠴᠤ᠂ ᠤᠷᠢᠬᠠᠨ ᠬᠠᠪᠤᠷ ᠬᠥᠮᠦᠨ ᠤ ᠶᠢᠷᠲᠢᠨᠴᠦ ᠶᠢᠨ ᠬᠠᠶᠢᠷ᠎ᠠ ᠶᠢᠨ ᠴᠡᠴᠡᠭ ᠢ ᠳᠤᠯᠠᠭᠠᠴᠠᠭᠤᠯᠤᠨ᠎ᠠ︾᠂ ︽ᠵᠢᠯ ᠴᠠᠭᠠᠨ ᠰᠠᠷ᠎ᠠ ᠪᠠᠨ ᠪᠠᠶᠠᠷ ᠵᠢᠷᠭᠠᠯ ᠲᠠᠢ ᠥᠩᠭᠡᠷᠡᠭᠦᠯᠦᠶ᠎ᠡ︾᠂ ︽ᠠᠮᠤᠷ ᠠᠮᠤᠭᠤᠯᠠᠩ︾ ᠁ ᠮᠣᠭᠠᠢ ᠵᠢᠯ ᠥᠯᠵᠡᠢ ᠪᠡᠯᠭᠡ ᠲᠠᠢ ᠬᠤᠣᠰ ᠤᠶᠠᠩᠭ᠎ᠠ ᠣᠯᠠᠨ ᠤ ᠪᠢᠷ ᠳᠣᠣᠷ᠎ᠠ ᠮᠡᠨᠳᠦᠯᠡᠪᠡ᠃ ᠬᠥᠮᠦᠰ ᠬᠦᠷᠢᠶᠡᠯᠡᠨ ᠰᠠᠭᠤᠵᠤ ᠲᠡᠳᠡᠨ ᠤ ᠤᠷᠠᠨ ᠤᠷ᠎ᠠ ᠮᠡᠷᠭᠡᠵᠢᠯ ᠢ ᠰᠣᠨᠢᠷᠬᠠᠵᠤ ᠪᠠᠶᠢᠯ᠎ᠠ᠃    ᠲᠤᠰ ᠤᠳᠠᠭᠠᠨ ᠤ ᠠᠵᠢᠯᠯᠠᠭ᠎ᠠ ᠳᠤ ᠨᠡᠶᠢᠲᠡ 80 ᠭᠠᠷᠤᠢ ︽ᠪᠤᠶᠠᠨ︾ ᠦᠰᠦᠭ ᠢ ᠪᠢᠴᠢᠭᠯᠡᠵᠦ᠂ 100 ᠭᠠᠷᠤᠢ ᠬᠤᠣᠰ ᠤᠶᠠᠩᠭ᠎ᠠ ᠪᠢᠴᠢᠵᠦ᠂ ᠳᠡᠳ᠋ ᠬᠤᠣᠰ ᠤᠶᠠᠩᠭ᠎ᠠ ᠨᠢ ᠲᠣᠰᠬᠤᠨ ᠤ ᠠᠷᠠᠳ ᠲᠤ ᠪᠠᠶᠠᠷ ᠤᠨ ᠡᠳᠦᠷ ᠤᠨ ᠪᠠᠶᠠᠷ ᠪᠠᠶᠠᠰᠤᠯ ᠪᠠ ᠢᠷᠦᠬᠡᠯ ᠵᠥᠩᠨᠡᠯ ᠢ ᠠᠪᠴᠢᠷᠠᠵᠤ ᠥᠭᠭᠦᠭᠰᠡᠨ ᠢᠶᠠᠷ ᠪᠠᠷᠠᠬᠤ ᠦᠭᠡᠢ ᠪᠠᠰᠠ ᠲᠡᠳᠡᠨ ᠳᠤ ᠳᠤᠮᠳᠠᠳᠤ ᠶᠢᠨ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠢ ᠪᠠ ᠥᠪᠡᠷᠮᠢᠴᠡ ᠷᠢᠳᠢ ᠰᠢᠳᠢ ᠶᠢ ᠮᠡᠳᠡᠷᠡᠭᠦᠯᠪᠡ᠃ ᠠᠵᠢᠯᠯᠠᠭ᠎ᠠ ᠶᠢᠨ ᠳᠤᠮᠳᠠ᠂ ᠠᠵᠢᠯᠲᠠᠳ ᠪᠠᠰᠠ ᠬᠤᠣᠰ ᠤᠶᠠᠩᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠤᠷᠢᠳᠴᠢᠯᠠᠨ ᠵᠣᠬᠢᠶᠠᠵᠤ᠂ ᠲᠣᠰᠬᠤᠨ ᠤ ᠠᠷᠠᠳ ᠲᠤ ᠴᠠᠭᠠᠨ ᠰᠠᠷ᠎ᠠ ᠶᠢᠨ ᠡᠭᠦᠰᠦᠯ᠂ ᠬᠥᠭᠵᠢᠯᠲᠡ ᠪᠠ ᠰᠣᠶᠣᠯ ᠤᠨ ᠠᠭᠤᠯᠤᠭᠳᠠᠬᠤᠨ ᠢ ᠲᠠᠨᠢᠯᠴᠠᠭᠤᠯᠵᠤ᠂ ᠣᠯᠠᠨ ᠲᠦᠮᠡᠨ ᠤ ᠤᠷᠠᠨ ᠪᠢᠴᠢᠯᠭᠡ ᠶᠢᠨ ᠤᠷᠮ᠎ᠠ ᠪᠠᠬ᠎ᠠ ᠪᠠ ᠰᠣᠨᠢᠷᠬᠠᠬᠤ ᠴᠢᠳᠠᠪᠤᠷᠢ ᠶᠢ ᠳᠡᠭᠡᠭᠰᠢᠯᠡᠭᠦᠯᠪᠡ᠃    ᠶᠢᠨ ᠬᠤᠤ ᠪᠠᠯᠭᠠᠰᠤᠨ ᠤ ᠤᠬᠠᠭᠤᠯᠬᠤ ᠭᠡᠰᠢᠭᠦᠨ ᠵᠠᠩ ᠹᠧᠶ᠄ ︽ᠲᠤᠬᠠᠢ ᠶᠢᠨ ᠲᠠᠯᠠᠪᠠᠢ ᠳᠤ ᠪᠢᠴᠢᠭᠰᠡᠨ ᠬᠤᠣᠰ ᠤᠶᠠᠩᠭ᠎ᠠ ᠶᠢ ᠬᠤᠳᠠᠯᠳᠤᠨ ᠠᠪᠬᠤ ᠨᠢ ᠨᠡᠩ ᠤᠳᠬ᠎ᠠ ᠠᠭᠤᠯᠭ᠎ᠠ ᠲᠠᠢ᠂ ᠣᠯᠠᠨ ᠲᠦᠮᠡᠨ ᠤ ᠠᠮᠢᠳᠤᠷᠠᠯ ᠲᠠᠢ ᠨᠡᠩ ᠣᠶᠢᠷᠠᠲᠤᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠨᠡᠮᠡᠭᠳᠡᠭᠦᠯᠬᠦ ᠶᠢᠨ ᠬᠠᠮᠲᠤ ᠰᠠᠭᠤᠭᠠᠯᠢ ᠠᠷᠠᠳ ᠲᠤ ᠤᠯᠠᠮᠵᠢᠯᠠᠯᠲᠤ ᠰᠣᠶᠣᠯ ᠤᠷᠠᠯᠢᠭ ᠤᠨ ᠡᠳ᠋ᠯᠡᠯ ᠢ ᠠᠪᠴᠢᠷᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠤᠨ ᠠᠭᠤᠯᠤᠭᠳᠠᠬᠤᠨ ᠢ ᠪᠠᠶᠠᠯᠢᠭᠵᠢᠭᠤᠯᠪᠠ︾ ᠭᠡᠵᠦ ᠬᠡᠯᠡᠪᠡ᠃    ᠲᠤᠰ ᠠᠵᠢᠯᠯᠠᠭ᠎ᠠ ᠶᠢ ᠥᠷᠨᠢᠭᠦᠯᠦᠭᠰᠡᠨ ᠨᠢ ᠺᠠᠳ᠋ᠷ ᠣᠯᠠᠨ ᠲᠦᠮᠡᠨ ᠤ ᠣᠶᠤᠨ ᠤ ᠪᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠪᠠᠰᠠ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠵᠤ᠂ ᠡᠷᠡᠭᠦᠯ ᠰᠠᠷᠠᠭᠤᠯ ᠡᠶ᠎ᠡ ᠵᠣᠬᠢᠴᠠᠩᠭᠤᠢ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠶᠢᠨ ᠬᠤᠤ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠢᠳᠡᠪᠬᠢᠲᠡᠢ ᠪᠠᠳᠠᠷᠠᠭᠤᠯᠵᠤ᠂  ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠳᠤ ᠨᠡᠩ ᠣᠯᠠᠨ ᠰᠣᠶᠣᠯ ᠤᠨ ᠵᠢᠷᠭᠠᠯ ᠪᠠ ᠣᠶᠤᠨ ᠰᠠᠨᠠᠭᠠᠨ ᠤ ᠰᠢᠮ᠎ᠡ ᠲᠡᠵᠢᠭᠡᠯ ᠬᠠᠩᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠲᠠᠰᠤᠷᠠᠯᠳᠠ ᠦᠭᠡᠢ ᠪᠠᠶᠢᠭᠤᠯᠤᠨ᠎ᠠ᠃
 
ᠢᠷᠡᠯᠲᠡ᠄ ᠶᠢᠨ ᠬᠤᠤ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号