1 ᠰᠠᠷ᠎ᠠ ᠶᠢᠨ 13 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ 2024 ᠣᠨ ᠤ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠰᠢᠭᠤᠳ | ᠬᠠᠷᠢᠶ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ | ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠰᠢᠯᠭᠠᠬᠤ ᠵᠢᠴᠢ ᠬᠤᠲᠠ ᠶᠢᠨ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠰᠢᠶᠠᠨ ᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠰᠢᠭᠦᠬᠦ ᠬᠤᠷᠢᠶ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠯᠪᠠᠨ ᠭᠡᠷ ᠵᠡᠷᠭᠡ ᠬᠡᠰᠡᠭ ᠪᠠᠶᠢᠭᠤᠯᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠤᠬᠠᠢ ᠶᠢᠨ | ᠲᠠᠯᠠᠪᠠᠢ ᠳᠤ ᠲᠤᠰᠢᠶᠠᠯ ᠤᠨ ᠮᠡᠳᠡᠭᠦᠯᠦᠯᠲᠡ ᠬᠢᠵᠦ᠂ ᠪᠤᠰᠤᠳ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠢᠴᠢᠭ ᠤᠨ | ᠮᠡᠳᠡᠭᠦᠯᠦᠯᠲᠡ ᠬᠢᠵᠡᠢ᠃ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠭᠡᠰᠢᠭᠦᠨ᠂ ᠰᠢᠶᠠᠨ ᠤ | ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠢᠶᠠᠨ ᠤ ᠱᠠᠲᠤᠨ ᠤ ︽ᠬᠤᠶᠠᠷ | ᠲᠥᠯᠥᠭᠡᠯᠡᠭᠴᠢ ᠨᠢᠭᠡ ᠭᠡᠰᠢᠭᠦᠨ︾᠂ ᠵᠢᠨᠱᠠᠨ ᠪᠠᠯᠭᠠᠰᠤ ᠪᠣᠯᠤᠨ ᠡᠯ᠎ᠡ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ | ᠱᠦᠵᠢ ᠵᠡᠷᠭᠡ 134 ᠬᠥᠮᠦᠨ ᠬᠤᠷᠠᠯ ᠳᠤ ᠣᠷᠣᠯᠴᠠᠭᠰᠠᠨ ᠪᠥᠭᠡᠳ ᠲᠤᠬᠠᠢ ᠶᠢᠨ ᠲᠠᠯᠠᠪᠤᠷ ᠲᠤ ᠰᠢᠯᠭᠠᠨ ᠦᠨᠡᠯᠡᠪᠡ᠃ | ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠰᠢᠶᠠᠨ ᠤ | ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠱᠦᠵᠢ ᠲᠤᠬᠠᠢ ᠶᠢᠨ ᠲᠠᠯᠠᠪᠤᠷ ᠲᠤ ᠲᠤᠰᠢᠶᠠᠯ ᠤᠨ | ᠮᠡᠳᠡᠭᠦᠯᠦᠯᠲᠡ ᠬᠢᠭᠰᠡᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠨᠢᠭᠡᠳ ᠨᠢᠭᠡ ᠪᠠᠷ ᠦᠨᠡᠯᠡᠭᠰᠡᠨ ᠪᠥᠭᠡᠳ | ᠪᠦᠬᠦᠯᠢ ᠴᠣᠭᠴᠠ ᠶᠢᠨ ᠶᠡᠷᠦᠩᠬᠡᠶᠢᠯᠡᠭᠰᠡᠨ ᠦᠨᠡᠯᠡᠯᠲᠡ ᠬᠢᠵᠦ᠂ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠣᠯᠤᠭᠰᠠᠨ | ᠠᠮᠵᠢᠯᠲᠠ ᠶᠢ ᠨᠤᠲᠠᠯᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠵᠤ᠂ ᠳᠠᠷᠠᠭᠠᠴᠢ ᠶᠢᠨ ᠠᠯᠬᠤᠮ ᠤᠨ | ᠠᠵᠢᠯ ᠤᠨ ᠴᠢᠭᠯᠡᠯ ᠢ ᠳᠤᠷᠠᠳᠪᠠ᠃ ᠰᠢᠶᠠᠨ ᠤ ᠰᠢᠭᠤᠳ ᠬᠠᠷᠢᠶ᠎ᠠ ᠮᠠᠰᠢᠨ ᠤ ᠠᠵᠢᠯ ᠤᠨ ᠬᠤᠷᠢᠶᠠᠨ ᠤ ᠭᠡᠰᠢᠭᠦᠳ ᠪᠠᠰᠠ | ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠵᠢᠯᠣᠭᠤᠳᠬᠤ ᠰᠠᠨᠠᠯ ᠳᠤᠷᠠᠳᠪᠠ᠃ ᠡᠯ᠎ᠡ | ᠰᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠤᠰᠢᠶᠠᠯ ᠤᠨ | ᠮᠡᠳᠡᠭᠦᠯᠦᠯᠲᠡ ᠬᠢᠭᠰᠡᠨ ᠤ ᠳᠠᠷᠠᠭ᠎ᠠ᠂ ᠵᠢᠨᠱᠠᠨ ᠪᠠᠯᠭᠠᠰᠤᠨ ᠤ ᠨᠠᠮ ᠤᠨ ᠬᠤᠷᠢᠶ᠎ᠠ᠂ ᠲᠠᠷᠢᠶᠠᠯᠠᠩ ᠢ ᠳᠡᠮᠵᠢᠬᠦ ᠨᠡᠶᠢᠭᠡᠮ | ᠲᠣᠭᠤᠷᠢᠭ ᠪᠣᠯᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠬᠤᠲᠠ ᠶᠢᠨ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠰᠠᠨᠠᠯ ᠢᠶᠠᠨ | ᠰᠣᠯᠢᠯᠴᠠᠵᠤ ᠶᠠᠷᠢᠶ᠎ᠠ ᠲᠠᠯᠪᠢᠪᠠ᠃ ᠬᠤᠷᠠᠯ ᠠᠴᠠ ᠡᠯ᠎ᠡ ᠬᠠᠷᠢᠯᠴᠠᠨ ᠬᠤᠯᠪᠣᠭᠠᠯᠠᠵᠤ ᠬᠠᠮᠲᠤᠪᠠᠷ ᠪᠠᠶᠢᠭᠤᠯᠬᠤ ᠪᠦᠷᠢᠯᠳᠦᠬᠦᠨ | ᠨᠢᠭᠡᠴᠡ ᠶᠢᠨ ︽ᠬᠤᠣᠰ ᠨᠡᠷ᠎ᠡ ᠮᠡᠳᠡᠭᠦᠯᠬᠦ᠂ ᠬᠤᠣᠰ ᠦᠢᠯᠡᠴᠢᠯᠡᠭᠡ᠂ ᠬᠤᠣᠰ ᠮᠡᠳᠡᠭᠦᠯᠦᠯᠲᠡ︾ ᠥᠷᠨᠢᠭᠦᠯᠬᠦ ᠠᠵᠢᠯ ᠤᠨ | ᠣᠯᠤᠭᠰᠠᠨ ᠠᠮᠵᠢᠯᠲᠠ ᠶᠢ ᠨᠤᠲᠠᠯᠠᠬᠤ ᠶᠢᠨ ᠬᠠᠮᠲᠤ ᠪᠥᠬᠦ ᠰᠢᠶᠠᠨ ᠤ ᠬᠤᠲᠠ ᠶᠢᠨ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠠᠵᠢᠯ ᠳᠤ ᠣᠷᠣᠰᠢᠵᠤ ᠪᠠᠶᠢᠭ᠎ᠠ ᠵᠠᠷᠢᠮ ᠪᠠᠭᠤᠷᠠᠢ ᠭᠤᠭᠴᠤᠭ᠎ᠠ ᠶᠢ ᠳᠤᠷᠠᠳᠴᠤ᠂ ᠤᠯᠤᠰ ᠲᠥᠷᠥ ᠶᠢᠨ | ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢᠨ ᠬᠤᠲᠠ ᠶᠢᠨ ᠦᠨᠳᠦᠰᠦᠨ ᠱᠠᠲᠤᠨ ᠤ | ᠵᠠᠰᠠᠯᠲᠠ ᠶᠢ ᠬᠥᠲᠥᠯᠥᠨ ᠳᠠᠭᠠᠭᠤᠯᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ | ᠲᠠᠨᠢᠵᠤ᠂ ᠨᠠᠮ ᠤᠨ ᠪᠠᠶᠢᠭᠤᠯᠤᠯᠲᠠ ᠶᠢᠨ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ | ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ | ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠨᠢᠭᠡ ᠳᠤ᠂ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠬᠤ ᠬᠡᠷᠡᠭᠲᠡᠢ᠃ ᠲᠤᠭ ᠲᠡᠮᠳᠡᠭ | ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠬᠦ ᠶᠢ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠪᠦᠬᠦ ᠶᠠᠪᠤᠴᠠ ᠪᠠ | ᠡᠯ᠎ᠡ ᠲᠠᠯ᠎ᠠ ᠳᠤ ᠲᠤᠤᠱᠯᠠᠭᠤᠯᠵᠤ᠂ ᠪᠠᠶᠢᠭᠤᠯᠤᠯᠭ᠎ᠠ ᠶᠢᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ | ᠬᠥᠲᠥᠯᠥᠨ ᠵᠢᠯᠣᠭᠤᠳᠴᠤ ᠪᠠᠶᠢᠭᠠᠳ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ | ᠬᠤᠯᠪᠣᠭᠳᠠᠯ ᠢ ᠭᠦᠨᠵᠡᠭᠡᠢ ᠣᠶᠢᠯᠠᠭᠠᠭᠤᠯᠵᠤ᠂ ︽ᠲᠦᠷᠪᠡᠨ ᠤᠬᠠᠮᠰᠠᠷ︾ ᠢᠶᠠᠨ ᠦᠨᠡᠨᠬᠦ ᠴᠢᠩᠭᠠᠳᠬᠠᠵᠤ᠂ ︽ᠲᠦᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠳᠦᠷᠢᠮ ᠤᠨ | ᠬᠡᠷᠡᠭᠵᠢᠭᠦᠯᠦᠯᠲᠡ ᠶᠢ ᠴᠢᠩᠭᠠᠳᠬᠠᠬᠤ ᠬᠡᠷᠡᠭᠲᠡᠢ᠃ ︽ᠭᠤᠷᠪᠠᠨ ᠬᠤᠷᠠᠯ ᠨᠢᠭᠡ ᠬᠢᠴᠢᠶᠡᠯ︾᠂ ᠰᠡᠳᠬᠢᠯ ᠤᠨ ᠦᠭᠡ ᠪᠠᠨ | ᠶᠠᠷᠢᠯᠴᠠᠬᠤ ᠵᠡᠷᠭᠡ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠦᠨᠳᠦᠰᠦᠨ ᠳᠦᠷᠢᠮ ᠢ ᠴᠢᠩᠭ᠎ᠠ ᠬᠡᠷᠡᠭᠵᠢᠭᠦᠯᠵᠦ᠂ | ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠵᠣᠬᠢᠶᠠᠨ ᠪᠠᠶᠢᠭᠤᠯᠤᠯᠲᠠ ᠶᠢᠨ | ᠠᠮᠢᠳᠤᠷᠠᠯ ᠢ ︽ᠨᠠᠮ ᠤᠨ ᠦᠨᠦᠷ ᠠᠮᠲᠠ︾ ᠥᠳᠬᠡᠨ᠂ ︽ᠰᠣᠷᠭᠤᠭ ᠠᠮᠲᠠ︾ ᠭᠦᠢᠴᠡᠳ᠂ ︽ᠬᠠᠯᠠᠭᠤᠨ ᠠᠮᠲᠠ︾ | ᠭᠦᠢᠴᠡᠳ ᠪᠠᠶᠢᠯᠭᠠᠬᠤ ᠬᠡᠷᠡᠭᠲᠡᠢ᠃ ᠭᠤᠷᠪᠠ ᠳᠤ᠂ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠴᠢᠩᠭᠠᠳᠬᠠᠬᠤ ᠬᠡᠷᠡᠭᠲᠡᠢ᠃ | ᠪᠠᠶᠢᠭᠤᠯᠭ᠎ᠠ ᠶᠢᠨ ᠨᠠᠮ ᠤᠨ ᠡᠭᠦᠷ ᠤᠨ ᠳᠦᠷᠢᠮᠵᠢᠭᠦᠯᠦᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ | ᠠᠬᠢᠭᠤᠯᠵᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠲᠣᠭᠤᠷᠢᠨ ᠦᠵᠡᠵᠦ ᠰᠣᠯᠢᠯᠴᠠᠬᠤ ᠵᠡᠷᠭᠡ | ᠠᠷᠭ᠎ᠠ ᠮᠠᠶ᠋ᠢᠭ ᠢ ᠠᠪᠴᠤ᠂ ᠪᠠᠲᠤ ᠴᠢᠩᠭ᠎ᠠ ᠪᠠᠬᠢᠯᠡᠯᠲᠡ᠂ ᠵᠢᠱᠢᠶᠡᠴᠢ ᠨᠠᠮ ᠤᠨ ᠡᠭᠦᠷ ᠢ ᠡᠭᠦᠳᠦᠨ ᠪᠠᠶᠢᠭᠤᠯᠬᠤ ᠠᠵᠢᠯ ᠢ | ᠮᠥᠷᠳᠡᠨ ᠠᠬᠢᠭᠤᠯᠵᠤ᠂ ᠦᠨᠳᠦᠰᠦᠨ ᠱᠠᠲᠤ ᠶᠢ ᠶᠡᠬᠡᠪᠡᠷ ᠠᠳᠬᠤᠬᠤ᠂ ᠨᠠᠮ ᠤᠨ ᠡᠭᠦᠷ ᠢ ᠶᠡᠬᠡᠪᠡᠷ ᠠᠳᠬᠤᠬᠤ ᠭᠦᠨ | ᠵᠤᠵᠠᠭᠠᠨ ᠠᠭᠤᠷ ᠠᠮᠢᠰᠬᠤᠯ ᠢ ᠪᠣᠢ ᠪᠣᠯᠭᠠᠬᠤ ᠶᠢ ᠠᠬᠢᠭᠤᠯᠤᠨ᠎ᠠ᠃ ᠳᠥᠷᠪᠡ ᠳᠤ᠂ ᠨᠠᠮ ᠤᠨ ᠪᠠᠶᠢᠭᠤᠯᠤᠯᠲᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ︽ᠱᠦᠵᠢ ᠠᠳᠬᠤᠬᠤ᠂ ᠱᠦᠵᠢ ᠶᠢ ᠠᠳᠬᠤᠬᠤ︾ ᠶᠢ ᠪᠠᠷᠢᠮᠲᠠᠯᠠᠵᠤ᠂ | ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠦᠢᠯᠡᠳᠦᠯ ᠢ ᠪᠠᠳᠠᠷᠠᠭᠤᠯᠵᠤ᠂ ᠨᠢᠭᠡ ᠱᠠᠲᠤ ᠨᠢ ᠨᠢᠭᠡ ᠱᠠᠲᠤ ᠪᠠᠨ | ᠳᠠᠶᠢᠴᠢᠯᠠᠵᠤ᠂ ᠱᠠᠲᠤ ᠱᠠᠲᠤ ᠪᠠᠷ ᠳᠠᠷᠤᠯᠲᠠ ᠥᠭᠴᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ | ᠪᠦᠷᠢᠯᠳᠦᠬᠦᠨ ᠤ ᠬᠠᠷᠢᠭᠤᠴᠠᠯᠭ᠎ᠠ ᠶᠢᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠪᠠᠶᠢᠭᠤᠯᠭ᠎ᠠ ᠶᠢᠨ ᠨᠠᠮ ᠤᠨ | ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠢ᠃ ᠲᠠᠪᠤ ᠳᠤ᠂ ᠬᠠᠷᠢᠯᠴᠠᠨ | ᠬᠤᠯᠪᠣᠭᠠᠯᠠᠵᠤ ᠬᠠᠮᠲᠤᠪᠠᠷ ᠪᠠᠶᠢᠭᠤᠯᠬᠤ ᠶᠢ ᠴᠢᠩᠭᠠᠳᠬᠠᠬᠤ ᠬᠡᠷᠡᠭᠲᠡᠢ᠃ ᠰᠢᠰᠲ᠋ᠧᠮ ᠲᠠᠢ ᠲᠥᠯᠥᠪᠵᠢᠭᠦᠯᠬᠦ᠂ ᠪᠦᠬᠦᠯᠢ | ᠴᠣᠭᠴᠠ ᠪᠠᠷ ᠠᠬᠢᠭᠤᠯᠬᠤ ᠶᠢ ᠪᠠᠷᠢᠮᠲᠠᠯᠠᠵᠤ᠂ ︽ᠬᠤᠶᠠᠷ ᠢ ᠮᠡᠳᠡᠭᠦᠯᠵᠦ ᠬᠦᠷᠭᠡᠬᠦ᠂ ᠬᠤᠶᠠᠷ ᠢ ᠦᠢᠯᠡᠴᠢᠯᠡᠬᠦ᠂ ᠬᠤᠶᠠᠷ ᠢ | ᠮᠡᠳᠡᠭᠦᠯᠬᠦ︾ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠡᠶᠢᠭᠡᠮ ᠲᠣᠭᠤᠷᠢᠭ᠂ ᠣᠯᠠᠨ ᠲᠦᠮᠡᠨ ᠲᠠᠢ ᠨᠢᠭᠲᠠ | ᠬᠠᠷᠢᠯᠴᠠᠵᠤ᠂ ᠵᠣᠬᠢᠶᠠᠨ ᠪᠠᠶᠢᠭᠤᠯᠵᠤ ᠬᠤᠯᠪᠣᠭᠠᠯᠠᠨ ᠪᠠᠶᠢᠭᠤᠯᠬᠤ᠂ ᠵᠠᠰᠠᠬᠤ ᠶᠢ ᠬᠤᠯᠪᠣᠭᠠᠯᠠᠨ ᠠᠳᠬᠤᠬᠤ᠂ ᠡᠬᠢ | ᠪᠠᠶᠠᠯᠢᠭ ᠢ ᠬᠤᠯᠪᠣᠭᠠᠯᠠᠨ ᠭᠥᠷᠳᠡᠬᠦ᠂ ᠠᠵᠢᠯᠯᠠᠭ᠎ᠠ ᠶᠢ ᠬᠤᠯᠪᠣᠭᠠᠯᠠᠨ ᠭᠦᠢᠴᠡᠳᠬᠡᠬᠦ᠂ ᠦᠢᠯᠡᠴᠢᠯᠡᠭᠡ ᠶᠢ ᠬᠤᠯᠪᠣᠭᠠᠯᠠᠨ | ᠬᠢᠬᠦ ᠶᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠨᠡᠶᠢᠯᠡᠮᠡᠯ ᠴᠢᠳᠠᠮᠵᠢ ᠶᠢ ᠦᠨᠡᠨ ᠬᠦ ᠴᠢᠩᠭᠠᠳᠬᠠᠪᠠ᠃ | |