ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠤᠯᠠᠮ ᠨᠢᠭᠡ ᠠᠯᠬᠤᠮ | ᠴᠢᠩᠭᠠᠳᠬᠠᠬᠤ ᠶᠢᠨ ᠲᠥᠯᠥᠭᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾᠂ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠣᠩᠭᠤᠭᠤᠯᠢ ᠶᠢᠨ | ᠠᠵᠢᠯ ᠤᠨ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ 1 ᠰᠠᠷ᠎ᠠ ᠶᠢᠨ 14 ᠤ ᠡᠳᠦᠷ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠬᠤᠸᠠᠢ ᠱᠦᠸᠧ ᠪᠠᠯᠭᠠᠰᠤᠨ ᠤ | ᠪᠠᠶᠢᠭᠤᠯᠭ᠎ᠠ ᠶᠢᠨ ᠨᠠᠮ ᠤᠨ ᠡᠭᠦᠷ ᠤᠨ ᠭᠡᠰᠢᠭᠦᠳ ᠤᠨ ᠬᠤᠷᠠᠯ ᠬᠤᠷᠠᠯᠳᠤᠭᠤᠯᠵᠤ ᠨᠠᠮ ᠤᠨ ᠭᠡᠰᠢᠭᠦᠨ ᠤ ᠶᠡᠭᠡ | ᠬᠤᠷᠠᠯ ᠬᠤᠷᠠᠯᠳᠤᠭᠤᠯᠵᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠬᠢᠪᠡ᠃ ᠪᠠᠯᠭᠠᠰᠤᠨ ᠤ ᠨᠠᠮ ᠤᠨ | ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠭᠡᠰᠢᠭᠦᠨ᠂ ᠨᠢᠭᠡᠳᠦᠮᠡᠯ ᠹᠷᠣᠨᠲ ᠤᠨ ᠭᠡᠰᠢᠭᠦᠨ ᠸᠠᠩ ᠢᠦᠢ ᠵᠢᠩ | ᠬᠤᠷᠠᠯ ᠢ ᠡᠷᠬᠢᠯᠡᠵᠦ᠂ ᠪᠠᠶᠢᠭᠤᠯᠭ᠎ᠠ ᠶᠢᠨ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠨ ᠬᠤᠷᠠᠯ ᠳᠤ ᠣᠷᠣᠯᠴᠠᠪᠠ᠃ | ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠬᠥᠰᠢᠭᠡ ᠪᠠᠨ ᠰᠡᠬᠦᠵᠦ᠂ | ᠰᠢᠦᠸᠡᠢ ᠮᠧᠩ ᠧᠨ ᠨᠥᠬᠦᠷ ᠳᠡᠭᠡᠷ᠎ᠡ ᠬᠤᠭᠤᠴᠠᠭᠠᠨ ᠤ ᠨᠠᠮ ᠤᠨ ᠡᠭᠦᠷ ᠤᠨ ᠭᠡᠰᠢᠭᠦᠳ ᠤᠨ ᠬᠤᠷᠠᠯ ᠢ ᠲᠥᠯᠥᠭᠡᠯᠡᠨ | ᠠᠵᠢᠯ ᠤᠨ ᠮᠡᠳᠡᠭᠦᠯᠦᠯᠲᠡ ᠬᠢᠵᠦ᠂ ᠨᠠᠮ ᠤᠨ ᠡᠭᠦᠷ ᠤᠨ ᠭᠡᠰᠢᠭᠦᠳ ᠤᠨ ᠥᠩᠭᠡᠷᠡᠭᠰᠡᠨ ᠭᠤᠷᠪᠠᠨ ᠵᠢᠯ ᠤᠨ ᠠᠵᠢᠯ ᠢ | ᠪᠦᠬᠦ ᠲᠠᠯ᠎ᠠ ᠪᠠᠷ ᠳ᠋ᠦᠩᠨᠡᠨ ᠡᠷᠭᠢᠴᠡᠭᠦᠯᠪᠡ᠃ ᠳᠠᠷᠠᠭ᠎ᠠ ᠨᠢ᠂ ᠶᠡᠭᠡ ᠬᠤᠷᠠᠯ ᠠᠴᠠ ᠳᠡᠭᠡᠷ᠎ᠡ ᠨᠢᠭᠡ ᠬᠤᠭᠤᠴᠠᠭᠠᠨ ᠤ | ᠡᠭᠦᠷ ᠤᠨ ᠭᠡᠰᠢᠭᠦᠳ ᠤᠨ ᠬᠤᠷᠠᠯ ᠤᠨ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠵᠤ᠂ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠬᠤᠸᠠᠢ ᠱᠦᠸᠧ ᠪᠠᠯᠭᠠᠰᠤᠨ ᠤ ᠪᠠᠶᠢᠭᠤᠯᠤᠯᠭ᠎ᠠ ᠶᠢᠨ | ᠨᠠᠮ ᠤᠨ ᠡᠭᠦᠷ ᠤᠨ ᠭᠡᠰᠢᠭᠦᠳ ᠤᠨ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠦᠯ︶︾᠂ ᠰᠢᠨ᠎ᠡ ᠨᠢᠭᠡ | ᠬᠤᠭᠤᠴᠠᠭᠠᠨ ᠤ ᠨᠠᠮ ᠤᠨ ᠡᠭᠦᠷ ᠤᠨ ᠭᠡᠰᠢᠭᠦᠳ ᠤᠨ ᠬᠤᠷᠠᠯ ᠤᠨ ᠭᠡᠰᠢᠭᠦᠨ ᠤ ᠵᠢᠱᠢᠭᠳᠡᠭᠴᠢ ᠶᠢᠨ ᠨᠡᠷᠡᠰ᠂ ᠪᠢᠯᠧᠲ | ᠬᠢᠨᠠᠭᠴᠢ ᠪᠠ ᠪᠢᠯᠧᠲ ᠪᠦᠷᠢᠳᠬᠡᠭᠴᠢ ᠶᠢᠨ ᠨᠡᠷᠡᠰ ᠢ ᠪᠠᠲᠤᠯᠠᠵᠤ᠂ ᠨᠢᠭᠤᠴᠠ ᠰᠣᠩᠭᠤᠭᠤᠯᠢ ᠶᠢᠨ ᠠᠷᠭ᠎ᠠ ᠪᠠᠷ ᠰᠢᠨ᠎ᠡ | ᠨᠢᠭᠡ ᠬᠤᠭᠤᠴᠠᠭᠠᠨ ᠤ ᠡᠭᠦᠷ ᠤᠨ ᠭᠡᠰᠢᠭᠦᠳ ᠤᠨ ᠬᠤᠷᠠᠯ ᠤᠨ 5 ᠭᠡᠰᠢᠭᠦᠨ ᠢ ᠰᠣᠩᠭᠤᠨ ᠭᠠᠷᠭᠠᠪᠠ᠃ | ᠳᠠᠷᠠᠭ᠎ᠠ ᠨᠢ᠂ ᠰᠢᠨ᠎ᠡ ᠨᠢᠭᠡ ᠬᠤᠭᠤᠴᠠᠭᠠᠨ ᠤ ᠨᠠᠮ ᠤᠨ ᠡᠭᠦᠷ ᠤᠨ ᠭᠡᠰᠢᠭᠦᠳ ᠤᠨ ᠬᠤᠷᠠᠯ ᠤᠨ ᠠᠩᠬᠠᠳᠤᠭᠠᠷ | ᠪᠦᠭᠦᠳᠡ ᠬᠤᠷᠠᠯ ᠳᠡᠭᠡᠷ᠎ᠡ᠂ ᠨᠢᠭᠤᠴᠠ ᠰᠣᠩᠭᠤᠭᠤᠯᠢ ᠶᠢᠨ ᠬᠡᠯᠪᠡᠷᠢ ᠪᠠᠷ ᠰᠢᠨ᠎ᠡ ᠨᠢᠭᠡ ᠬᠤᠭᠤᠴᠠᠭᠠᠨ ᠤ ᠨᠠᠮ ᠤᠨ | ᠡᠭᠦᠷ ᠤᠨ ᠭᠡᠰᠢᠭᠦᠳ ᠤᠨ ᠬᠤᠷᠠᠯ ᠤᠨ ᠱᠦᠵᠢ ᠶᠢ ᠰᠣᠩᠭᠤᠨ ᠭᠠᠷᠭᠠᠭᠰᠠᠨ ᠪᠥᠭᠡᠳ ᠪᠤᠰᠤᠳ 4 ᠭᠡᠰᠢᠭᠦᠨ ᠤ | ᠪᠣᠳᠠᠲᠠᠢ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠪᠠ᠃ | ᠬᠠᠮᠤᠭ ᠰᠡᠭᠦᠯ ᠳᠤ᠂ ᠸᠠᠩ ᠢᠦᠢ ᠵᠢᠩ ᠨᠥᠬᠦᠷ ᠰᠢᠨ᠎ᠡ ᠨᠢᠭᠡ ᠬᠤᠭᠤᠴᠠᠭᠠᠨ ᠤ ᠨᠠᠮ ᠤᠨ ᠡᠭᠦᠷ ᠤᠨ | ᠭᠡᠰᠢᠭᠦᠳ ᠤᠨ ᠬᠤᠷᠠᠯ ᠢ ᠲᠥᠯᠥᠭᠡᠯᠡᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠲᠤᠰ ᠤᠳᠠᠭ᠎ᠠ ᠶᠢᠨ | ᠬᠤᠭᠤᠴᠠᠭ᠎ᠠ ᠰᠣᠯᠢᠬᠤ ᠪᠠᠷ ᠠᠵᠠ ᠲᠣᠬᠢᠶᠠᠯ ᠪᠣᠯᠭᠠᠵᠤ᠂ ᠪᠠᠶᠢᠭᠤᠯᠭ᠎ᠠ ᠶᠢᠨ ᠨᠠᠮ ᠤᠨ ᠡᠭᠦᠷ ᠤᠨ ᠪᠦᠬᠦ ᠨᠠᠮ ᠤᠨ | ᠭᠡᠰᠢᠭᠦᠨ ᠢ ᠪᠦᠯᠬᠦᠮᠳᠡᠭᠦᠯᠦᠨ ᠳᠠᠭᠠᠭᠤᠯᠵᠤ ᠢᠳᠡᠪᠬᠢᠲᠡᠢ ᠠᠵᠢᠯᠯᠠᠵᠤ᠂ ᠵᠣᠷᠢᠭᠲᠠᠢ ᠪᠠᠷ ᠰᠢᠨ᠎ᠡ ᠠᠵᠠ ᠲᠣᠬᠢᠶᠠᠯ ᠢ | ᠠᠮᠵᠢᠵᠤ᠂ ᠰᠢᠨ᠎ᠡ ᠥᠷᠢᠰᠥᠯᠳᠦᠭᠡᠨ ᠢ ᠤᠭᠲᠤᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠪᠣᠳᠠᠲᠠᠢ ᠶᠢ | ᠡᠷᠬᠢᠮᠯᠡᠬᠦ ᠰᠤᠷᠲᠠᠯ᠂ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠪᠠᠶᠢᠭᠤᠯᠭ᠎ᠠ ᠶᠢᠨ ᠨᠠᠮ ᠤᠨ ᠡᠭᠦᠷ ᠤᠨ ᠡᠯ᠎ᠡ | ᠵᠦᠢᠯ ᠤᠨ ᠠᠵᠢᠯ ᠢ ᠰᠠᠶᠢᠲᠤᠷ ᠠᠳᠬᠤᠵᠤ᠂ ᠨᠠᠮ ᠤᠨ ᠡᠭᠦᠷ ᠤᠨ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ | ᠪᠠ ᠳᠠᠶᠢᠴᠢᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠬᠤᠸᠠᠢ ᠱᠦᠸᠧ ᠪᠠᠯᠭᠠᠰᠤᠨ ᠤ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃ | |