ᠬᠦᠴᠢᠷᠳᠡᠯ ᠲᠠᠢ ᠣᠯᠠᠨ ᠲᠦᠮᠡᠨ ᠤ ᠬᠠᠬᠢᠷ ᠬᠦᠢᠲᠡᠨ ᠠᠭᠤᠷ ᠠᠮᠢᠰᠬᠤᠯ ᠢ ᠠᠮᠤᠷ ᠲᠦᠪᠰᠢᠨ ᠢᠶᠠᠷ | ᠥᠩᠭᠡᠷᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠰᠢᠶᠠ ᠱᠢ ᠬᠤᠤ ᠪᠠᠯᠭᠠᠰᠤ ᠶᠢᠨ ᠬᠢᠨ ᠢᠳᠡᠪᠬᠢᠲᠡᠢ ᠪᠠᠷ | ᠴᠤᠤᠷᠢᠶᠠᠲᠤᠨ ᠳᠠᠭᠠᠵᠤ᠂ ᠦᠳᠲᠡᠷ ᠲᠦᠷᠭᠡᠨ ᠪᠠᠶᠢᠷᠢᠯᠠᠭᠤᠯᠵᠤ᠂ ᠭᠦᠶᠡᠩ ᠰᠢᠶᠠᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠦᠴᠦᠲᠡᠢ ᠳᠡᠮᠵᠢᠯᠭᠡ ᠳᠣᠣᠷ᠎ᠠ᠂ 2024 - 2025 ᠣᠨ ᠤ | ᠡᠪᠦᠯ ᠬᠠᠪᠤᠷ ᠤᠨ ᠠᠪᠤᠷᠠᠨ ᠲᠤᠰᠠᠯᠠᠬᠤ ᠡᠳ᠋ ᠪᠣᠳᠠᠰ ᠢ ᠲᠠᠷᠬᠠᠭᠠᠬᠤ ᠠᠵᠢᠯ ᠢ ᠢᠳᠡᠪᠬᠢᠲᠡᠢ ᠥᠷᠨᠢᠭᠦᠯᠵᠦ᠂ ᠡᠯ᠎ᠡ | ᠲᠣᠰᠬᠤᠨ ᠤ ᠬᠦᠴᠢᠷᠳᠡᠯᠲᠡᠢ ᠣᠯᠠᠨ ᠲᠦᠮᠡᠨ ᠳᠤ ᠡᠪᠦᠯ ᠤᠨ ᠡᠳᠦᠷ ᠤᠨ ᠳᠣᠲᠣᠨᠣ ᠬᠠᠯᠠᠮᠵᠢᠯᠠᠯ ᠢ ᠬᠦᠷᠭᠡᠪᠡ᠃ | ᠣᠶᠢᠷ᠎ᠠ ᠳᠤ᠂ ᠰᠢᠶᠠ ᠱᠢ ᠬᠤᠤ ᠪᠠᠯᠭᠠᠰᠤ ᠰᠢᠷᠦᠭᠦᠨ ᠴᠠᠰᠤ ᠣᠷᠣᠵᠤ ᠳᠤᠯᠠᠭᠠᠨ ᠪᠠᠭᠤᠷᠠᠬᠤ ᠴᠠᠭ ᠠᠭᠤᠷ ᠤᠨ | ᠨᠥᠯᠥᠭᠡ ᠠᠴᠠ ᠪᠣᠯᠵᠤ᠂ ᠭᠠᠮᠰᠢᠭᠳᠠᠭᠰᠠᠨ ᠬᠦᠴᠢᠷᠳᠡᠯᠲᠡᠢ ᠣᠯᠠᠨ ᠲᠦᠮᠡᠨ ᠤ ᠪᠠᠶᠢᠳᠠᠯ ᠳᠤ ᠨᠠᠷᠢᠨ ᠬᠢᠨᠠᠮᠠᠭᠠᠢ | ᠵᠠᠳᠠᠯᠤᠯᠲᠠ ᠬᠢᠵᠦ᠂ ᠳᠡᠭᠡᠳᠦ ᠱᠠᠲᠤᠨ ᠤ ᠡᠪᠦᠯ ᠬᠠᠪᠤᠷ ᠤᠨ ᠠᠪᠤᠷᠠᠨ ᠲᠤᠰᠠᠯᠠᠬᠤ ᠠᠵᠢᠯ ᠤᠨ ᠲᠤᠬᠠᠢ ᠨᠢᠭᠡᠳᠦᠯᠲᠡᠢ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ︽ᠲᠥᠷᠥᠯ ᠬᠤᠪᠢᠶᠠᠨ ᠠᠪᠤᠷᠠᠨ ᠲᠤᠰᠠᠯᠠᠬᠤ᠂ | ᠭᠤᠣᠯᠳᠠᠯᠭ᠎ᠠ ᠲᠠᠢ ᠠᠪᠤᠷᠠᠨ ᠲᠤᠰᠠᠯᠠᠬᠤ︾ ᠵᠠᠷᠴᠢᠮ ᠢ ᠦᠨᠳᠦᠰᠦᠯᠡᠨ᠂ ᠭᠦᠶᠡᠩ ᠰᠢᠶᠠᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠤᠯᠪᠣᠭᠠᠯᠠᠨ ᠬᠥᠳᠡᠯᠦᠯᠴᠡᠵᠦ᠂ ᠲᠣᠰᠬᠤᠨ ᠤ ᠺᠠᠳ᠋ᠷ ᠢ ᠬᠠᠷᠢᠭᠤ | ᠲᠤᠰᠬᠠᠵᠤ ᠬᠤᠷᠢᠶᠠᠩᠭᠤᠶᠢᠯᠠᠭᠰᠠᠨ ᠤ ᠳᠠᠷᠠᠭ᠎ᠠ ᠡᠬᠡ ᠳᠠᠩᠰᠠ ᠪᠣᠯᠭᠠᠨ᠂ ᠡᠳ᠋ ᠪᠣᠳᠠᠰ ᠢ ᠬᠢᠨᠠᠨ ᠲᠣᠭᠲᠠᠭᠠᠬᠤ ᠳᠤ | ᠭᠡᠷᠡᠴᠢ ᠮᠠᠲ᠋ᠧᠷᠢᠶᠠᠯ ᠬᠠᠩᠭᠠᠵᠤ᠂ ᠨᠢᠭᠡ ᠡᠷᠦᠬᠡ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠦᠨᠡᠨ | ᠬᠦ ᠪᠠᠲᠤᠯᠠᠵᠤ᠂ ᠬᠦᠴᠢᠷᠳᠡᠯᠲᠡᠢ ᠣᠯᠠᠨ ᠲᠦᠮᠡᠨ ᠤ ᠭᠠᠮᠰᠢᠭ ᠠᠴᠠ ᠪᠣᠯᠤᠭᠰᠠᠨ ᠪᠣᠳᠠᠲᠠᠢ ᠬᠦᠴᠢᠷᠳᠡᠯ ᠢ ᠦᠨᠡᠨ ᠬᠦ | ᠰᠢᠢᠳᠪᠦᠷᠢᠯᠡᠨ᠂ ᠡᠪᠦᠯ ᠬᠠᠪᠤᠷ ᠤᠨ ᠠᠪᠤᠷᠠᠨ ᠲᠤᠰᠠᠯᠠᠬᠤ ᠠᠵᠢᠯ ᠢ ᠨᠠᠷᠢᠨ ᠨᠠᠶᠢᠳᠠᠪᠤᠷᠢᠵᠢᠭᠤᠯᠵᠤ᠂ ᠭᠠᠮᠰᠢᠭᠳᠠᠭᠰᠠᠨ | ᠣᠯᠠᠨ ᠲᠦᠮᠡᠨ ᠤ ᠠᠮᠤᠷ ᠲᠦᠪᠰᠢᠨ ᠳᠤᠯᠠᠭᠠᠨ ᠡᠪᠦᠯᠵᠢᠬᠦ ᠶᠢ ᠦᠨᠡᠨ ᠬᠦ ᠪᠠᠲᠤᠯᠠᠪᠠ᠃ | ︽ᠡᠳ᠋ ᠪᠣᠳᠠᠰ ᠢ ᠨᠢᠭᠡᠨᠲᠡ ᠲᠡᠷᠭᠡᠨ ᠳᠤ ᠲᠡᠭᠡᠭᠡᠵᠦ ᠲᠣᠭᠠᠯᠠᠵᠤ ᠪᠠᠷᠠᠭᠠᠳ᠂ ᠮᠣᠷᠳᠠᠬᠤ ᠪᠠᠷ ᠪᠡᠯᠡᠳᠬᠡᠵᠦ | ᠪᠠᠶᠢᠨ᠎ᠠ︾᠃ ᠰᠢᠶᠠ ᠱᠢ ᠬᠤᠤ ᠪᠠᠯᠭᠠᠰᠤᠨ ᠤ ᠲᠦᠷ ᠴᠠᠭ ᠤᠨ ᠠᠪᠤᠷᠠᠨ ᠲᠤᠰᠠᠯᠠᠬᠤ ᠡᠳ᠋ ᠪᠣᠳᠠᠰ ᠤᠨ | ᠨᠥᠭᠡᠴᠡ ᠶᠢᠨ ᠬᠥᠮᠥᠷᠭᠡ ᠳᠤ᠂ ᠠᠵᠢᠯᠲᠠᠳ ᠡᠳ᠋ ᠪᠣᠳᠠᠰ ᠢ ᠡᠮᠬᠢ ᠵᠢᠷᠤᠮ ᠲᠠᠢ ᠪᠠᠷ ᠵᠥᠭᠡᠭᠡᠪᠦᠷᠢᠯᠡᠵᠦ᠂ ᠲᠡᠷᠭᠡᠨ | ᠨᠣᠮᠧᠷ ᠢ ᠲᠠᠯᠪᠢᠪᠠ᠃ ᠬᠦᠢᠲᠡᠨ ᠢ ᠰᠡᠷᠭᠡᠶᠢᠯᠡᠬᠦ ᠡᠳ᠋ ᠪᠣᠳᠠᠰ ᠳᠦᠭᠦᠷᠡᠩ ᠲᠡᠭᠡᠭᠡᠭᠰᠡᠨ ᠨᠢᠭᠡ ᠲᠡᠷᠭᠡ ᠡᠯ᠎ᠡ | ᠭᠠᠴᠠᠭᠠᠨ ᠳᠤ ᠶᠠᠪᠤᠳᠠᠭ᠃ ᠡᠳ᠋ ᠪᠣᠳᠠᠰ ᠲᠠᠷᠬᠠᠭᠠᠬᠤ ᠶᠠᠪᠤᠴᠠ ᠳᠤ᠂ ᠪᠠᠯᠭᠠᠰᠤ ᠲᠣᠰᠬᠤᠨ ᠤ ᠺᠠᠳ᠋ᠷ ᠠᠵᠢᠯ ᠤᠨ | ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠲᠥᠪᠯᠡᠷᠡᠭᠦᠯᠦᠨ ᠲᠠᠷᠬᠠᠭᠠᠬᠤ ᠪᠠ ᠡᠷᠦᠬᠡ ᠳᠤ ᠣᠷᠣᠵᠤ ᠲᠠᠷᠬᠠᠭᠠᠬᠤ ᠶᠢ | ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠢ ᠲᠡᠷᠡ ᠳᠠᠷᠤᠢ ᠳᠤᠨᠢ | ᠬᠦᠴᠢᠷᠳᠡᠯᠲᠡᠢ ᠣᠯᠠᠨ ᠲᠦᠮᠡᠨ ᠤ ᠭᠠᠷ ᠲᠤ ᠬᠦᠷᠭᠡᠬᠦ ᠶᠢᠨ ᠬᠠᠮᠲᠤ ᠬᠦᠴᠢᠷᠳᠡᠯᠲᠡᠢ ᠣᠯᠠᠨ ᠲᠦᠮᠡᠨ ᠤ | ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠣᠶᠢᠯᠠᠭᠠᠵᠤ᠂ ᠨᠡᠶᠢᠭᠡᠮ ᠤᠨ ᠠᠪᠤᠷᠠᠨ ᠲᠤᠰᠠᠯᠠᠬᠤ ᠬᠤᠯᠪᠣᠭᠳᠠᠯ | ᠪᠦᠬᠦᠢ ᠲᠥᠷᠥ ᠶᠢᠨ ᠪᠣᠳᠣᠯᠭ᠎ᠠ ᠶᠢ ᠨᠢᠭᠤᠷᠲᠠᠨ ᠲᠠᠶᠢᠯᠪᠤᠷᠢᠯᠠᠵᠤ᠂ ᠬᠠᠮᠤᠭ ᠤᠨ ᠰᠢᠨ᠎ᠡ ᠡᠮ ᠡᠮᠨᠡᠯᠭᠡ ᠶᠢᠨ | ᠳᠠᠭᠠᠳᠬᠠᠯ᠂ ᠨᠠᠰᠤᠵᠢᠯ ᠤᠨ ᠳᠠᠭᠠᠳᠬᠠᠯ ᠵᠡᠷᠭᠡ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ | ᠣᠨᠣᠪᠴᠢᠲᠠᠢ ᠤᠬᠠᠭᠤᠯᠵᠤ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ᠂ ᠰᠡᠷᠭᠡᠶᠢᠯᠡᠯᠲᠡ ᠶᠢᠨ ᠱᠤᠭᠤᠮ ᠢ ᠪᠠᠲᠤ | ᠪᠠᠬᠢ ᠪᠠᠶᠢᠭᠤᠯᠬᠤ ᠬᠡᠷᠡᠭᠲᠡᠢ ᠭᠡᠪᠡ᠃ | ︽ᠠᠪᠤ ᠡᠵᠢ ᠡ᠂ ᠡᠨᠡ ᠪᠣᠯ ᠴᠢᠨᠦ ᠡᠪᠦᠯ ᠢ ᠥᠩᠭᠡᠷᠡᠭᠡᠬᠦ ᠬᠥᠪᠥᠩᠲᠡᠢ ᠬᠥᠨᠵᠢᠯᠡ᠂ ᠬᠥᠪᠥᠩᠲᠡᠢ ᠬᠤᠪᠴᠠᠰᠤ᠂ | ᠪᠡᠶ᠎ᠡ ᠪᠠᠨ ᠪᠣᠯᠭᠤᠮᠵᠢᠯᠠ︾ ᠭᠡᠪᠡ᠃ ᠡᠷᠦᠬᠡ ᠳᠤ ᠣᠷᠣᠵᠤ ᠬᠤᠪᠢᠶᠠᠷᠢᠯᠠᠨ ᠲᠠᠷᠬᠠᠭᠠᠬᠤ ᠶᠢ ᠬᠠᠷᠢᠭᠤᠴᠠᠵᠤ ᠪᠠᠶᠢᠭ᠎ᠠ | ᠠᠵᠢᠯᠲᠠᠨ ᠬᠡᠯᠡᠬᠦ ᠶᠢᠨ ᠳᠠᠭᠠᠤ ᠬᠦᠢᠲᠡᠨ ᠠᠴᠠ ᠰᠡᠷᠭᠡᠶᠢᠯᠡᠬᠦ ᠡᠳ᠋ ᠪᠣᠳᠠᠰ ᠢ ᠨᠠᠰᠤᠲᠠᠨ ᠤ ᠭᠠᠷ ᠲᠤ ᠬᠦᠷᠭᠡᠵᠦ | ᠥᠭᠪᠡ᠃ ᠨᠠᠷᠢᠨ ᠨᠢᠮᠪᠠᠢ ᠠᠵᠢᠯᠲᠠᠳ ᠪᠠᠰᠠ ᠬᠦᠴᠢᠷᠳᠡᠯᠲᠡᠢ ᠣᠯᠠᠨ ᠲᠦᠮᠡᠨ ᠤ ᠭᠡᠷ ᠤᠨ ᠴᠠᠬᠢᠯᠭᠠᠨ ᠤᠲᠠᠰᠤᠨ ᠤ | ᠱᠤᠭᠤᠮ᠂ ᠳᠤᠯᠠᠭᠠᠯᠠᠭ᠎ᠠ ᠶᠢᠨ ᠲᠥᠬᠦᠭᠡᠷᠦᠮᠵᠢ ᠵᠡᠷᠭᠡ ᠳᠤ ᠤᠯᠠᠮ ᠨᠢᠭᠡ ᠠᠯᠬᠤᠮ ᠨᠠᠷᠢᠨ ᠪᠠᠶᠢᠴᠠᠭᠠᠯᠲᠠ ᠬᠢᠵᠦ᠂ | ᠬᠠᠭᠤᠴᠢᠷᠠᠵᠤ ᠴᠠᠬᠢᠯᠭᠠᠨ ᠭᠤᠭᠤᠵᠢᠭᠰᠠᠨ ᠡᠰᠡᠬᠦ ᠵᠢᠴᠢ ᠳᠠᠭᠠᠭᠠᠴᠠ ᠠᠴᠠ ᠬᠡᠲᠦᠷᠡᠭᠦᠯᠦᠨ ᠬᠡᠷᠡᠭᠯᠡᠭᠰᠡᠨ ᠪᠠᠶᠢᠳᠠᠯ᠂ | ᠵᠤᠤᠬ᠎ᠠ ᠶᠢᠨ ᠬᠡᠷᠡᠭᠰᠡᠯ ᠳᠤ ᠤᠲᠤᠭ᠎ᠠ ᠭᠤᠭᠤᠵᠢᠭᠰᠠᠨ ᠡᠰᠡᠬᠦ᠂ ᠳᠤᠯᠠᠭᠠᠯᠠᠭ᠎ᠠ ᠶᠢᠨ ᠥᠷᠥᠭᠡᠨ ᠳᠤ ᠰᠠᠯᠬᠢ | ᠨᠡᠪᠲᠡᠷᠡᠭᠦᠯᠦᠭᠰᠡᠨ ᠨᠢ ᠰᠠᠶᠢᠨ ᠡᠰᠡᠬᠦ ᠵᠡᠷᠭᠡ ᠶᠢ ᠪᠠᠶᠢᠴᠠᠭᠠᠨ ᠦᠵᠡᠵᠦ᠂ ᠨᠠᠰᠤᠲᠠᠶᠢᠴᠤᠳ ᠲᠤ ᠤᠳᠠᠯ ᠦᠭᠡᠢ | ᠬᠦᠷᠴᠦ ᠢᠷᠡᠬᠦ ᠴᠠᠭᠠᠨ ᠰᠠᠷ᠎ᠠ ᠶᠢᠨ ᠬᠤᠭᠤᠴᠠᠭᠠᠨ ᠳᠤ᠂ ᠭᠠᠯ ᠴᠠᠬᠢᠯᠭᠠᠨ ᠬᠡᠷᠡᠭᠯᠡᠬᠦ ᠶᠢ ᠣᠨᠴᠠᠭᠠᠶᠢᠯᠠᠨ ᠠᠩᠬᠠᠷᠴᠤ᠂ | ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠢ ᠳᠤᠨᠢ ᠠᠷᠢᠯᠭᠠᠵᠤ᠂ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠵᠠᠬᠢᠪᠠ᠃ ᠰᠢᠨ᠎ᠡ ᠬᠥᠪᠥᠩ ᠬᠥᠨᠵᠢᠯᠡ ᠪᠣᠯᠤᠨ ᠬᠥᠪᠥᠩᠲᠡᠢ | ᠬᠤᠪᠴᠠᠰᠤ ᠶᠢ ᠰᠢᠷᠳᠡᠨ᠂ ᠠᠵᠢᠯᠲᠠᠨ ᠤ ᠰᠡᠳᠬᠢᠯ ᠢ ᠳᠤᠯᠠᠭᠠᠴᠠᠭᠤᠯᠬᠤ ᠦᠭᠡ ᠶᠢ ᠰᠣᠨᠣᠰᠤᠭᠠᠳ᠂ ᠯᠢ ᠡᠵᠢ ᠭᠦᠨ | ᠵᠤᠵᠠᠭᠠᠨ ᠬᠥᠪᠥᠩ ᠬᠥᠨᠵᠢᠯᠡ ᠪᠣᠯᠤᠨ ᠬᠥᠪᠥᠩ ᠬᠤᠪᠴᠠᠰᠤ ᠲᠡᠪᠡᠷᠢᠨ᠂ ᠡᠳ᠋ ᠪᠣᠳᠠᠰ ᠥᠭᠭᠦᠭᠰᠡᠨ ᠠᠵᠢᠯᠲᠠᠳ ᠲᠤ | ᠄ ︽ᠨᠠᠮ ᠪᠣᠯᠤᠨ ᠵᠠᠰᠠᠭ ᠤᠨ ᠣᠷᠳᠣᠨ ᠤ ᠬᠠᠯᠠᠮᠵᠢᠯᠠᠯ ᠳᠤ ᠲᠠᠯᠠᠷᠬᠠᠵᠤ ᠪᠠᠶᠢᠨ᠎ᠠ᠃ ᠪᠢᠳᠡᠨ ᠳᠤ ᠬᠠᠯᠠᠭᠤᠨ | ᠳᠤᠯᠠᠭᠠᠨ ᠬᠦᠷᠭᠡᠵᠦ᠂ ᠬᠥᠪᠥᠩ ᠬᠥᠨᠵᠢᠯᠡ᠂ ᠬᠥᠪᠥᠩ ᠬᠤᠪᠴᠠᠰᠤ ᠬᠦᠷᠭᠡᠵᠦ᠂ ᠮᠠᠨ ᠤ ᠡᠪᠦᠯ ᠤᠨ ᠬᠤᠪᠴᠠᠰᠤ | ᠡᠮᠦᠰᠬᠦ᠂ ᠳᠤᠯᠠᠭᠠᠯᠠᠭ᠎ᠠ ᠬᠠᠩᠭᠠᠬᠤ ᠵᠡᠷᠭᠡ ᠠᠮᠢᠳᠤᠷᠠᠯ ᠤᠨ ᠵᠣᠪᠠᠨᠢᠯ ᠢ ᠰᠢᠢᠳᠪᠦᠷᠢᠯᠡᠪᠡ᠂ ᠲᠠ ᠨᠠᠷ ᠲᠤ ᠲᠠᠯᠠᠷᠬᠠᠵᠤ | ᠪᠠᠶᠢᠨ᠎ᠠ︾ ᠭᠡᠵᠦ ᠬᠡᠯᠡᠪᠡ᠃ | ᠲᠤᠰ ᠤᠳᠠᠭᠠᠨ ᠤ ᠠᠵᠢᠯᠯᠠᠭ᠎ᠠ ᠳᠤ᠂ ᠪᠦᠬᠦ ᠪᠠᠯᠭᠠᠰᠤᠨ ᠤ 3092 ᠡᠷᠦᠬᠡ ᠶᠢᠨ 6314 ᠬᠥᠮᠦᠨ ᠳᠤ | 630 ᠡᠪᠦᠯ ᠤᠨ ᠬᠥᠪᠥᠩ ᠬᠥᠨᠵᠢᠯᠡ᠂ 630 ᠬᠥᠪᠥᠩ ᠬᠤᠪᠴᠠᠰᠤ ᠣᠯᠭᠤᠪᠠ᠃ ᠳᠠᠷᠠᠭᠠᠴᠢ ᠶᠢᠨ ᠠᠯᠬᠤᠮ ᠳᠤ᠂ | ᠰᠢᠶᠠ ᠱᠢ ᠬᠤᠤ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ | ᠡᠲᠡᠭᠡᠳ ᠵᠡᠷᠭᠡ ᠭᠤᠣᠯᠳᠠᠯᠭ᠎ᠠ ᠲᠠᠢ ᠬᠥᠮᠦᠰ ᠢ ᠴᠠᠭ ᠢᠮᠠᠭᠲᠠ ᠠᠩᠬᠠᠷᠴᠤ᠂ ᠣᠯᠠᠨ ᠲᠦᠮᠡᠨ ᠤ ᠡᠪᠦᠯ ᠢ | ᠥᠩᠭᠡᠷᠡᠭᠦᠯᠬᠦ ᠳᠤᠮᠳᠠ ᠲᠤᠯᠭᠠᠷᠠᠭᠰᠠᠨ ᠪᠣᠳᠠᠲᠠᠢ ᠬᠦᠴᠢᠷᠳᠡᠯ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ | ︽ᠬᠤᠷᠢᠭ᠎ᠠ ᠱᠤᠭᠤᠮ ᠢ ᠪᠠᠲᠤᠯᠠᠬᠤ᠂ ᠪᠠᠴᠢᠮ ᠬᠦᠴᠢᠷᠳᠡᠯ ᠢ ᠠᠪᠤᠷᠠᠬᠤ᠂ ᠠᠷᠠᠳ ᠤᠨ ᠠᠮᠢᠳᠤᠷᠠᠯ ᠢ ᠪᠠᠲᠤᠯᠠᠬᠤ︾ | ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠬᠦᠴᠢᠷᠳᠡᠯᠲᠡᠢ ᠣᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ | ᠵᠣᠯ ᠵᠢᠷᠭᠠᠯᠲᠤ ᠲᠥᠷᠥᠭᠳᠡᠯ ᠪᠣᠯᠤᠨ ᠠᠮᠤᠷ ᠲᠦᠪᠰᠢᠨ ᠤ ᠲᠥᠷᠥᠭᠳᠡᠯ ᠢ ᠦᠨᠡᠨᠬᠦ ᠳᠡᠭᠡᠭᠰᠢᠯᠡᠭᠦᠯᠦᠨ᠎ᠡ᠃ ᠴᠠᠭ | ᠲᠤᠬᠠᠢ ᠳᠤᠨᠢ ᠠᠩᠬᠠᠷᠴᠤ᠂ ᠬᠦᠢᠲᠡᠨ ᠠᠴᠠ ᠰᠡᠷᠭᠡᠶᠢᠯᠡᠵᠦ ᠳᠤᠯᠠᠭᠠᠯᠠᠬᠤ ᠶᠢ ᠴᠢᠩᠭᠠᠳᠬᠠᠬᠤ ᠬᠡᠷᠡᠭᠲᠡᠢ ᠭᠡᠵᠦ ᠵᠠᠬᠢᠪᠠ | ᠃ | |