ᠤᠶᠤᠨᠳᠤ ᠲᠦᠭᠦᠭᠡᠷᠦᠮᠵᠢ ᠤᠷᠤᠭᠤᠯᠬᠤ ᠶᠢ ᠴᠢᠩᠭ᠎ᠠ ᠠᠩᠬᠠᠷᠴᠤ ᠭᠦᠶᠡᠩ ᠰᠢᠶᠠᠨ ᠣᠶᠤᠨᠴᠢ ᠲᠠᠷᠢᠶᠠᠯᠠᠩ ᠤᠨ ᠬᠥᠭᠵᠢᠯᠲᠡ ᠶᠢᠨ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠦᠶ᠎ᠡ
ᠨᠡᠶᠢᠲᠡᠯᠡᠭᠰᠡᠨ ᠴᠠᠭ᠄
2025/1/16
    2024 ᠣᠨ ᠤ ᠡᠴᠦᠰ ᠲᠤ᠂ ᠰᠢᠶᠠᠨ ᠤ ᠨᠠᠮ ᠤᠨ ᠬᠤᠷᠢᠶᠠᠨ ᠤ ᠱᠦᠵᠢ ᠶᠣᠣ ᠵᠢᠶᠦ᠋ᠨ ᠵᠢᠶᠧ ᠭᠠᠳᠠᠭᠰᠢ ᠭᠠᠷᠴᠤ ᠬᠤᠳᠠᠯᠳᠤᠭᠠᠴᠢᠨ ᠤᠷᠢᠵᠤ ᠪᠡᠯᠡ ᠣᠷᠣᠭᠤᠯᠵᠤ᠂ ᠵᠢᠶᠠᠩᠰᠦ ᠶᠢᠨ ᠵᠢᠶᠠ ᠱᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠤᠶᠤᠨᠲᠤ ᠲᠠᠷᠢᠶᠠᠯᠠᠩ ᠤᠨ ᠲᠥᠷᠥᠯ ᠵᠦᠢᠯ ᠢ ᠬᠠᠮᠲᠤᠪᠠᠷ ᠪᠠᠶᠢᠭᠤᠯᠬᠤ ᠠᠩᠬ᠎ᠠ ᠠᠯᠬᠤᠮ ᠤᠨ ᠰᠠᠨᠠᠮᠵᠢ ᠲᠠᠢ ᠪᠣᠯᠪᠠ᠃ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠬᠦ ᠶᠢᠨ ᠲᠥᠯᠥᠭᠡ᠂ 1 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠣᠣ ᠵᠢᠶᠦ᠋ᠨ ᠵᠢᠶᠧ ᠨᠡᠷ ᠲᠤᠰ ᠺᠣᠮᠫᠠᠨᠢ ᠶᠢᠨ ᠪᠦᠬᠦ ᠪᠡᠯᠡ ᠣᠷᠣᠭᠤᠯᠤᠭᠰᠠᠨ ᠬᠤᠪᠢᠶᠠᠷᠢ ᠺᠣᠮᠫᠠᠨᠢ - ᠥᠪᠥᠷ ᠮᠣᠩᠭᠤᠯ ᠤᠨ ᠵᠢᠶᠠ ᠱᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠠᠶᠢᠬᠠᠨ ᠲᠣᠭᠤᠷᠢᠭ ᠤᠨ ᠲᠣᠭᠠᠴᠢᠯᠠᠭᠰᠠᠨ ᠲᠠᠷᠢᠶᠠᠯᠠᠩ ᠤᠨ ᠲᠠᠯᠠᠪᠠᠢ ᠳᠤ ᠬᠦᠷᠴᠦ ᠰᠤᠷᠤᠯᠴᠠᠵᠤ ᠰᠢᠨᠵᠢᠯᠡᠨ ᠪᠠᠶᠢᠴᠠᠭᠠᠪᠠ᠃    ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠲᠠᠷᠢᠶᠠᠯᠠᠩ ᠤᠨ ᠲᠠᠯᠠᠪᠠᠢ ᠶᠢᠨ ᠣᠳᠣᠬᠢᠴᠢᠯᠠᠯᠲᠠ ᠶᠢᠨ ᠲᠣᠭᠠᠴᠢᠯᠠᠭᠰᠠᠨ ᠣᠶᠤᠨᠴᠢ ᠲᠠᠷᠢᠮᠠᠯ ᠤᠨ ᠬᠦᠯᠡᠮᠵᠢ᠂ ᠬᠠᠮᠢᠶᠠᠷᠤᠨ ᠡᠵᠡᠮᠳᠡᠬᠦ ᠲᠥᠪ᠂ ᠣᠶᠤᠨᠴᠢ ᠦᠵᠡᠭᠦᠯᠭᠡ ᠶᠢᠨ ᠲᠥᠪ ᠪᠣᠯᠤᠨ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠰᠢᠰᠲ᠋ᠧᠮ ᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠲᠣᠭᠠᠴᠢᠯᠠᠭᠰᠠᠨ ᠣᠶᠤᠨᠴᠢ ᠲᠠᠷᠢᠶᠠᠯᠠᠩ ᠤᠨ ᠬᠦᠷᠢᠶᠡᠨ ᠤ ᠰᠤᠳᠤᠯᠤᠨ ᠨᠡᠭᠡᠭᠡᠬᠦ᠂ ᠦᠢᠯᠡᠳᠪᠦᠷᠢᠯᠡᠯ ᠵᠡᠷᠭᠡ ᠲᠠᠯ᠎ᠠ ᠶᠢᠨ ᠲᠡᠷᠢᠭᠦᠨ ᠤ ᠲᠤᠷᠰᠢᠯᠭ᠎ᠠ ᠶᠢ ᠰᠤᠷᠤᠯᠴᠠᠵᠤ᠂ ᠠᠵᠤ ᠠᠬᠤᠶᠢᠯᠠᠯ ᠤᠨ ᠰᠣᠶᠣᠯ ᠢ ᠭᠦᠨᠵᠡᠭᠡᠢ ᠣᠶᠢᠯᠠᠭᠠᠭᠰᠠᠨ ᠪᠥᠭᠡᠳ ᠶᠠᠷᠢᠯᠴᠠᠨ ᠰᠣᠯᠢᠯᠴᠠᠪᠠ᠃    ᠵᠤ ᠶᠤᠸᠠᠨ ᠴᠠᠩ ᠬᠡᠷᠡᠭ ᠮᠡᠳᠡᠭᠴᠢᠳ ᠤᠨ ᠳᠠᠷᠤᠭ᠎ᠠ ᠠᠵᠤ ᠠᠬᠤᠶᠢᠯᠠᠯ ᠤᠨ ᠲᠣᠭᠠᠨ ᠤ ᠤᠶᠤᠨᠲᠤ ᠲᠠᠷᠢᠶᠠᠯᠠᠩ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠲᠡᠷᠢᠭᠦᠨ ᠤ ᠪᠦᠲᠦᠭᠡᠨ ᠪᠠᠶᠢᠭᠤᠯᠤᠯᠲᠠ ᠶᠢᠨ ᠣᠶᠢᠯᠠᠭᠠᠭᠳᠠᠬᠤᠨ ᠵᠢᠴᠢ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢᠨ ᠠᠵᠢᠯᠯᠠᠭᠠᠨ ᠤ ᠪᠠᠶᠢᠳᠠᠯ ᠢ ᠨᠠᠷᠢᠨ ᠲᠠᠨᠢᠯᠴᠠᠭᠤᠯᠪᠠ᠃ ᠶᠣᠣ ᠵᠢᠶᠦ᠋ᠨ ᠵᠢᠶᠧ ᠭᠦᠶᠡᠩ ᠰᠢᠶᠠᠨ ᠤ ᠪᠠᠶᠢᠭᠠᠯᠢ ᠶᠢᠨ ᠠᠭᠤᠷ ᠠᠮᠢᠰᠬᠤᠯ᠂ ᠭᠠᠵᠠᠷ ᠰᠢᠷᠣᠢ ᠶᠢᠨ ᠡᠯᠧᠮᠧᠨ᠋ᠲ᠂ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠲᠠᠨᠢᠯᠴᠠᠭᠤᠯᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠲᠥᠷᠥᠯ ᠵᠦᠢᠯ ᠢ ᠲᠥᠰᠦᠪᠯᠡᠬᠦ ᠬᠠᠮᠲᠤᠷᠠᠯᠴᠠᠭᠠᠨ ᠤ ᠠᠷᠭ᠎ᠠ ᠬᠡᠯᠪᠡᠷᠢ ᠵᠡᠷᠭᠡ ᠶᠠᠪᠤᠳᠠᠯ ᠤᠨ ᠲᠤᠬᠠᠢ ᠭᠦᠨᠵᠡᠭᠡᠢ ᠰᠤᠳᠤᠯᠤᠨ ᠶᠠᠷᠢᠯᠴᠠᠪᠠ᠃ ᠶᠣᠣ ᠵᠢᠶᠦ᠋ᠨ ᠵᠢᠶᠧ ᠵᠢᠭᠠᠵᠤ ᠭᠠᠷᠭᠠᠭᠰᠠᠨ ᠨᠢ᠂ ᠣᠳᠣᠬᠠᠨ ᠳᠤ ᠭᠦᠶᠡᠩ ᠰᠢᠶᠠᠨ ᠶᠠᠭ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠬᠤᠶᠠᠷ ᠲᠠᠯ᠎ᠠ ᠪᠠᠷ ᠢᠶᠠᠨ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠲᠣᠮᠣ ᠳ᠋ᠠᠶᠢᠲ᠋ᠠ ᠵᠡᠷᠭᠡ ᠠᠷᠭ᠎ᠠ ᠪᠠᠷᠢᠯ ᠢ ᠬᠡᠷᠡᠭᠯᠡᠨ ᠣᠨᠴᠠᠯᠢᠭᠲᠤ ᠲᠠᠷᠢᠶᠠᠯᠠᠩ ᠢ ᠨᠠᠷᠢᠯᠢᠭ ᠲᠠᠷᠢᠵᠤ ᠨᠠᠷᠢᠯᠢᠭ ᠠᠷᠠᠴᠢᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠪᠴᠢᠶᠡᠵᠢᠯᠲᠡ᠂ ᠲᠣᠭᠠᠴᠢᠯᠠᠯᠲᠠ᠂ ᠪᠠᠷᠢᠮᠵᠢᠶᠠᠵᠢᠭᠤᠯᠤᠯᠲᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠪᠡ᠃ ᠡᠭᠦᠨ ᠤ ᠬᠠᠮᠲᠤ᠂ ᠭᠦᠶᠡᠩ ᠰᠢᠶᠠᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠬᠠᠮᠲᠤᠷᠠᠯᠴᠠᠭᠠᠨ ᠤ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠪᠠᠲᠤᠯᠠᠨ᠎ᠠ ᠭᠡᠵᠦ ᠢᠯᠡᠳᠬᠡᠪᠡ᠃ ᠵᠢᠱᠢᠶ᠎ᠡ ᠦᠵᠡᠭᠦᠯᠦᠨ ᠳᠠᠶᠢᠴᠢᠯᠠᠬᠤ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠴᠢᠳ ᠲᠤ ᠠᠰᠢᠭ ᠬᠦᠷᠲᠡᠭᠡᠬᠦ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠ ᠣᠳᠣ ᠦᠶ᠎ᠡ ᠶᠢᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃    ᠰᠢᠶᠠᠨ ᠤ ᠤᠳᠤᠷᠢᠳᠤᠯᠭ᠎ᠠ ᠶᠠᠩ ᠵᠢᠶᠦ᠋ᠨ ᠹᠧᠩ᠂ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ 
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号