​ᠬᠤᠸᠠᠢ ᠱᠦᠸᠧ ᠪᠠᠯᠭᠠᠰᠤ ᠰᠢᠨ᠎ᠡ ᠬᠠᠭᠤᠴᠢᠨ ᠲᠣᠰᠬᠤᠨ ᠳᠤ ᠰᠠᠭᠤᠭ᠎ᠠ ᠺᠠᠳ᠋ᠷ ᠢ ᠲᠤᠰᠢᠶᠠᠬᠤ ᠪᠠ ᠬᠦᠯᠢᠶᠡᠨ ᠠᠪᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/16
    ᠨᠠᠮ ᠤᠨ ᠲᠥᠪ ᠬᠤᠷᠢᠶᠠᠨ ᠤ ︽ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠠᠵᠢᠯᠯᠠᠬᠤ ᠠᠩᠭᠢ ᠶᠢ ᠦᠷᠭᠦᠯᠵᠢᠯᠡᠨ ᠬᠦᠴᠦᠷᠬᠡᠭᠵᠢᠭᠦᠯᠦᠨ ᠰᠠᠶᠢᠲᠤᠷ ᠬᠡᠷᠡᠭᠯᠡᠬᠦ︾ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠵᠢᠴᠢ ᠳᠡᠭᠡᠳᠦ ᠱᠠᠲᠤᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠪᠠᠲᠤᠯᠠᠬᠤ ᠶᠢᠨ ᠲᠥᠯᠥᠭᠡ᠂ 1 ᠰᠠᠷ᠎ᠠ ᠶᠢᠨ 13 ᠤ ᠡᠳᠦᠷ᠂ ᠬᠤᠸᠠᠢ ᠱᠦᠸᠧ ᠪᠠᠯᠭᠠᠰᠤ ᠰᠢᠨ᠎ᠡ ᠬᠠᠭᠤᠴᠢᠨ ᠲᠣᠰᠬᠤᠨ ᠳᠤ ᠰᠠᠭᠤᠭ᠎ᠠ ᠺᠠᠳ᠋ᠷ ᠢ ᠲᠤᠰᠢᠶᠠᠬᠤ ᠪᠠ ᠬᠦᠯᠢᠶᠡᠨ ᠠᠪᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠡᠯ᠎ᠡ ᠲᠣᠰᠬᠤᠨ ᠤ ᠱᠦᠵᠢ᠂ ᠰᠢᠨ᠎ᠡ ᠬᠠᠭᠤᠴᠢᠨ ᠲᠣᠰᠬᠤᠨ ᠳᠤ ᠰᠠᠭᠤᠭ᠎ᠠ ᠺᠠᠳ᠋ᠷ ᠪᠦᠬᠦ ᠬᠥᠮᠦᠰ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠳᠡᠭᠡᠷ᠎ᠡ ᠬᠤᠭᠤᠴᠠᠭᠠᠨ ᠤ ᠲᠣᠰᠬᠤᠨ ᠳᠤ ᠰᠠᠭᠤᠭ᠎ᠠ ᠺᠠᠳ᠋ᠷ ᠵᠢᠴᠢ ᠬᠤᠯᠪᠣᠭᠳᠠᠯ ᠪᠦᠬᠦᠢ ᠬᠠᠪᠰᠤᠷᠤᠨ ᠲᠡᠳᠬᠦᠬᠦ ᠨᠢᠭᠡᠴᠡ ᠶᠢᠨ ᠤᠷᠲᠤ ᠬᠤᠭᠤᠴᠠᠭᠠᠨ ᠤ ᠲᠤᠷᠰᠢ ᠬᠤᠸᠠᠢ ᠱᠦᠸᠧ ᠪᠠᠯᠭᠠᠰᠤᠨ ᠳᠤ ᠦᠵᠡᠭᠦᠯᠦᠭᠰᠡᠨ ᠳᠡᠮᠵᠢᠯᠭᠡ ᠪᠣᠯᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠰᠢᠨ᠎ᠡ ᠪᠠᠷ ᠲᠤᠰᠢᠶᠠᠯ ᠳᠤ ᠭᠠᠷᠤᠭᠰᠠᠨ 11 ᠲᠣᠰᠬᠤᠨ ᠳᠤ ᠰᠠᠭᠤᠭ᠎ᠠ ᠺᠠᠳ᠋ᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠳᠡᠭᠡᠷ᠎ᠡ ᠨᠢᠭᠡ ᠡᠭᠡᠯᠵᠢ ᠶᠢᠨ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠭᠰᠡᠨ ᠠᠴᠠ ᠨᠠᠰᠢ᠂ ᠡᠯ᠎ᠡ ᠲᠣᠰᠬᠤᠨ ᠳᠤ ᠰᠠᠭᠤᠭ᠎ᠠ ᠺᠠᠳ᠋ᠷ ᠬᠤᠪᠢ ᠨᠡᠮᠡᠷᠢ ᠦᠵᠡᠭᠦᠯᠬᠦ ᠶᠢ ᠡᠷᠬᠢᠮᠯᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠮᠣᠷᠳᠠᠪᠠᠰᠤ ᠵᠣᠬᠢᠬᠤ ᠺᠠᠳ᠋ᠷ ᠣᠯᠠᠨ ᠲᠦᠮᠡᠨ ᠲᠠᠢ ᠮᠥᠷᠥ ᠵᠡᠷᠭᠡᠴᠡᠨ ᠪᠠᠶᠢᠯᠳᠤᠵᠤ ᠂ ᠬᠠᠮᠲᠤ ᠢᠳᠡᠵᠦ ᠬᠠᠮᠲᠤ ᠰᠠᠭᠤᠵᠤ᠂ ᠠᠷᠠᠳ ᠤᠨ ᠲᠥᠯᠥᠭᠡ ᠵᠢᠳᠬᠦᠬᠦ ᠰᠡᠳᠬᠢᠯ ᠢ ᠪᠠᠲᠤ ᠰᠠᠬᠢᠵᠤ᠂ ᠠᠷᠠᠳ ᠢ ᠪᠠᠶᠠᠵᠢᠭᠤᠯᠬᠤ ᠲᠥᠷᠥ ᠶᠢᠨ ᠪᠣᠳᠣᠯᠭ᠎ᠠ ᠶᠢ ᠬᠠᠮᠲᠤᠪᠠᠷ ᠰᠦᠪᠡᠭᠴᠢᠯᠡᠵᠦ᠂ ᠠᠷᠠᠳ ᠲᠤ ᠠᠰᠢᠭᠲᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠬᠡᠷᠡᠭᠵᠢᠭᠦᠯᠵᠦ᠂ ᠲᠣᠰᠬᠤᠨ ᠳᠤ ᠰᠠᠭᠤᠭ᠎ᠠ ᠬᠠᠷᠢᠭᠤᠴᠠᠯᠭ᠎ᠠ ᠶᠢ ᠬᠠᠪᠰᠤᠷᠤᠨ ᠲᠡᠳᠬᠦᠬᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ᠂ ᠪᠠᠯᠭᠠᠰᠤ ᠲᠣᠰᠬᠤᠨ ᠤ ᠺᠠᠳ᠋ᠷ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠵᠠᠢ᠃ ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠬᠠᠭᠤᠴᠢᠨ ᠲᠣᠰᠬᠤᠨ ᠳᠤ ᠰᠠᠭᠤᠭ᠎ᠠ ᠺᠠᠳ᠋ᠷᠴᠤᠳ ᠤᠨ ᠲᠤᠰᠢᠶᠠᠬᠤ ᠪᠠ ᠬᠦᠯᠢᠶᠡᠨ ᠠᠪᠬᠤ ᠠᠵᠢᠯ ᠪᠣᠯ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠨᠠᠰᠢ ᠴᠠᠰᠢ ᠥᠩᠭᠡᠷᠡᠬᠦ ᠲᠣᠰᠬᠤᠨ ᠳᠤ ᠰᠠᠭᠤᠵᠤ ᠬᠠᠪᠰᠤᠷᠤᠨ ᠲᠡᠳᠬᠦᠭᠰᠡᠨ ᠦᠷ᠎ᠡ ᠪᠦᠲᠦᠭᠡᠯ ᠤᠨ ᠤᠯᠠᠮᠵᠢᠯᠠᠯ ᠪᠣᠯᠬᠤ ᠪᠠᠷ ᠪᠠᠷᠠᠬᠤ ᠦᠭᠡᠢ ᠪᠠᠰᠠ ᠢᠷᠡᠭᠡᠳᠦᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠰᠢᠨ᠎ᠡ ᠠᠮᠢᠵᠢᠷᠠᠯ ᠤᠨ ᠬᠦᠴᠦᠨ᠂ ᠰᠢᠨ᠎ᠡ ᠰᠡᠳᠬᠢᠬᠦᠢ ᠶᠢᠨ ᠠᠵᠠ ᠲᠣᠬᠢᠶᠠᠯ ᠨᠡᠮᠡᠷᠢᠯᠡᠬᠦ ᠶᠠᠪᠤᠳᠠᠯ ᠪᠣᠯᠤᠨ᠎ᠠ᠃ ᠰᠢᠨ᠎ᠡ ᠬᠠᠭᠤᠴᠢᠨ ᠲᠣᠰᠬᠤᠨ ᠳᠤ ᠰᠠᠭᠤᠭ᠎ᠠ ᠺᠠᠳ᠋ᠷ ᠭᠦᠢᠴᠡᠳ ᠰᠣᠯᠢᠯᠴᠠᠵᠤ᠂ ᠵᠠᠪᠰᠠᠷ ᠦᠭᠡᠢ ᠵᠣᠯᠭᠠᠭᠤᠯᠬᠤ ᠶᠢ ᠪᠡᠶᠡᠯᠡᠭᠦᠯᠵᠦ᠂ ᠬᠠᠪᠰᠤᠷᠤᠨ ᠲᠡᠳᠬᠦᠬᠦ ᠠᠵᠢᠯ ᠢ ᠲᠠᠰᠤᠯᠳᠠᠭᠤᠯᠬᠤ ᠦᠭᠡᠢ᠂ ᠰᠠᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠬᠤᠷᠠᠯ ᠠᠴᠠ᠂ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠰᠡᠳᠬᠢᠯ ᠰᠢᠭᠤᠳᠤᠨ ᠲᠣᠰᠬᠤᠨ ᠳᠤ ᠰᠠᠭᠤᠵᠤ᠂ ᠲᠣᠰᠬᠤᠨ ᠢ ᠰᠠᠶᠢᠲᠤᠷ ᠰᠠᠭᠤᠬᠤ ᠬᠡᠷᠡᠭᠲᠡᠢ︔ ᠬᠤᠶᠠᠷ ᠲᠤ ᠲᠤᠰᠢᠶᠠᠬᠤ ᠪᠠ ᠬᠦᠯᠢᠶᠡᠨ ᠠᠪᠬᠤ ᠠᠵᠢᠯ ᠢ ᠦᠨᠡᠨᠬᠦ ᠰᠠᠶᠢᠲᠤᠷ ᠬᠢᠵᠦ᠂ ᠠᠵᠢᠯ ᠤᠨ ᠳᠦᠷᠢ ᠪᠠᠨ ᠲᠦᠷᠭᠡᠨ ᠬᠤᠪᠢᠷᠠᠭᠤᠯᠵᠤ᠂ ᠲᠣᠰᠬᠤᠨ ᠤ ᠪᠠᠶᠢᠳᠠᠯ ᠢ ᠣᠶᠢᠯᠠᠭᠠᠵᠤ᠂ ᠲᠥᠷᠥ ᠶᠢᠨ ᠪᠣᠳᠣᠯᠭ᠎ᠠ ᠶᠢ ᠡᠵᠡᠮᠰᠢᠵᠦ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠬᠦᠴᠦᠷᠬᠡᠭᠵᠢᠭᠦᠯᠬᠦ᠂ ᠲᠣᠰᠬᠤᠨ ᠢ ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ ᠶᠢ ᠠᠬᠢᠭᠤᠯᠬᠤ᠂ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠠᠷᠠᠳ ᠤᠨ ᠲᠥᠯᠥᠭᠡ ᠤᠴᠢᠷ ᠶᠠᠪᠤᠳᠠᠯ ᠰᠢᠢᠳᠪᠦᠷᠢᠯᠡᠬᠦ ᠳᠤ ᠦᠢᠯᠡᠴᠢᠯᠡᠬᠦ ᠵᠡᠷᠭᠡ ᠲᠠᠯ᠎ᠠ ᠪᠠᠷ ᠲᠣᠰᠬᠤᠨ ᠳᠤ ᠰᠠᠭᠤᠬᠤ ᠠᠵᠢᠯ ᠢ ᠰᠠᠶᠢᠲᠤᠷ ᠬᠢᠵᠦ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ︔ ᠭᠤᠷᠪᠠ ᠳᠤ᠂ ᠪᠦᠯᠬᠦᠮᠳᠡᠨ ᠬᠠᠮᠵᠢᠯᠴᠠᠬᠤ ᠪᠠᠨ ᠴᠢᠩᠭᠠᠳᠬᠠᠵᠤ᠂ ᠲᠣᠰᠬᠤᠨ ᠤ ︽ᠬᠤᠶᠠᠷ ᠵᠥᠪᠯᠡᠯ︾ ᠤᠨ ᠪᠠᠭ ᠲᠠᠢ ᠨᠢᠭᠲᠠ ᠬᠠᠮᠵᠢᠯᠴᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ︔ ᠳᠥᠷᠪᠡ ᠳᠤ᠂ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠲᠣᠰᠬᠤᠨ ᠳᠤ ᠰᠠᠭᠤᠭ᠎ᠠ ᠺᠠᠳ᠋ᠷ ᠤᠨ ᠠᠵᠢᠯ ᠤᠨ ᠪᠠᠶᠢᠳᠠᠯ ᠢ ᠰᠢᠯᠭᠠᠨ ᠪᠠᠶᠢᠴᠠᠭᠠᠵᠤ ᠺᠠᠷᠲ ᠠᠪᠬᠤ ᠪᠠ ᠴᠢᠯᠥᠭᠡ ᠲᠠᠶᠢᠯᠬᠤ ᠳᠦᠷᠢᠮ ᠢ ᠴᠢᠩᠭ᠎ᠠ ᠵᠢᠷᠤᠮᠯᠠᠵᠤ᠂ ᠲᠣᠰᠬᠤᠨ ᠳᠤ ᠰᠠᠭᠤᠭ᠎ᠠ ᠺᠠᠳ᠋ᠷ ᠤᠨ ᠳᠦᠷᠢ ᠲᠥᠷᠬᠦ ᠶᠢ ᠪᠣᠢ ᠪᠣᠯᠭᠠᠵᠤ᠂ ᠬᠤᠸᠠᠢ ᠵᠧᠨ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠤᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠱᠠᠭᠠᠷᠳᠠᠪᠠ᠃ 
 
ᠢᠷᠡᠯᠲᠡ᠄ ᠬᠤᠸᠠᠢ ᠱᠦᠸᠧ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号