ᠲᠡᠮᠡᠴᠡᠯ ᠤᠨ ᠤᠯᠠ ᠮᠥᠷ ᠢ ᠰᠡᠶᠢᠯᠵᠦ᠂ ᠠᠷᠠᠳ ᠤᠨ ᠲᠥᠯᠥᠭᠡ ᠲᠡᠮᠡᠴᠡᠭᠰᠡᠨ ᠬᠠᠭᠤᠳᠠᠰᠤ ᠶᠢ ᠪᠢᠴᠢᠭᠯᠡᠨ᠎ᠡ᠃ | ᠰᠢᠶᠠ ᠱᠢ ᠬᠤᠤ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠬᠦ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ᠂ ᠰᠡᠳᠬᠢᠯ ᠢ ᠳᠤᠯᠠᠭᠠᠴᠠᠭᠤᠯᠤᠨ ᠬᠠᠪᠰᠤᠷᠤᠨ | ᠲᠡᠳᠬᠦᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠣᠯᠠᠨ ᠲᠦᠮᠡᠨ ᠤ ᠣᠯᠠᠨ ᠡᠰᠢᠲᠦ ᠬᠡᠷᠡᠭᠴᠡᠭᠡ | ᠱᠠᠭᠠᠷᠳᠠᠯᠭ᠎ᠠ ᠶᠢ ᠴᠢᠩᠭ᠎ᠠ ᠡᠵᠡᠮᠳᠡᠵᠦ᠂ ᠵᠢᠵᠢᠭ ᠰᠠᠵᠢᠭ ᠦᠢᠯᠡᠴᠢᠯᠡᠭᠡ ᠶᠢᠨ ᠲᠠᠰᠤᠯᠭ᠎ᠠ ᠳᠤ ᠨᠠᠮ ᠪᠠ ᠣᠯᠠᠨ | ᠲᠦᠮᠡᠨ ᠤ ᠨᠢᠭᠲᠠ ᠬᠤᠯᠪᠣᠭᠠᠰᠤ ᠶᠢ ᠨᠡᠬᠡᠬᠡᠵᠦ᠂ ᠬᠠᠶᠢᠷ᠎ᠠ ᠬᠠᠯᠠᠮᠵᠢ ᠶᠢᠨ ᠳᠤᠯᠠᠭᠠᠨ ᠪᠠ ᠠᠮᠢᠳᠤᠷᠠᠯ ᠤᠨ | ᠠᠮᠢᠵᠢᠷᠠᠯ ᠤᠨ ᠬᠦᠴᠦᠨ ᠢ ᠰᠢᠶᠠᠩ ᠪᠠᠯᠭᠠᠰᠤᠨ ᠤ ᠥᠨᠴᠥᠭ ᠪᠤᠯᠤᠩ ᠪᠣᠯᠭᠠᠨ ᠳᠤ ᠴᠤᠤᠷᠢᠶᠠᠲᠤᠭᠤᠯᠵᠤ᠂ ᠲᠥᠷᠥ | ᠲᠦᠪᠰᠢᠨ ᠲᠦᠮᠡᠨ ᠠᠮᠤᠭᠤᠯᠠᠩ᠂ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠡᠶ᠎ᠡ ᠵᠣᠬᠢᠴᠠᠯ ᠲᠠᠢ ᠪᠠᠶᠢᠳᠠᠯ ᠢ | ᠵᠢᠷᠤᠭᠯᠠᠨ᠎ᠠ᠃ | ᠬᠠᠶ᠋ᠢᠭ ᠨᠢ ᠰᠢᠨ᠎ᠡ ᠪᠠᠷ ᠢᠯᠡᠷᠡᠪᠡ᠄ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ ︽ᠡᠬᠢᠯᠡᠯᠲᠡ ᠶᠢᠨ ᠬᠥᠭᠵᠢᠮ︾ | ᠢ ᠬᠥᠭᠵᠢᠮᠳᠡᠵᠦ ᠪᠠᠶᠢᠨ᠎ᠠ | ᠥᠩᠭᠡᠷᠡᠭᠰᠡᠨ ᠳᠤ᠂ ᠰᠢᠶᠠ ᠱᠢ ᠬᠤᠤ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ ᠤᠨ ᠣᠷᠣᠨ ᠪᠠᠶᠢᠷᠢ ᠨᠢ ᠪᠤᠶᠢᠳᠠ ᠪᠥᠭᠯᠡᠭᠦᠦ᠂ ᠤᠴᠢᠷ ᠶᠠᠪᠤᠳᠠᠯ ᠰᠢᠢᠳᠪᠦᠷᠢᠯᠡᠬᠦ ᠪᠠᠷ ᠢᠷᠡᠭᠰᠡᠨ ᠣᠯᠠᠨ | ᠲᠦᠮᠡᠨ ᠳᠤ ᠪᠠᠭ᠎ᠠ ᠪᠤᠰᠤ ᠶᠠᠷᠰᠢᠭ ᠲᠠᠲᠠᠵᠤ ᠥᠭᠴᠡᠢ᠂ ᠣᠯᠠᠨ ᠢᠶᠠᠷ ᠢᠶᠠᠨ ᠦᠷᠭᠦᠯᠵᠢ ᠮᠤᠷᠤᠢ ᠰᠠᠷᠤᠢ ᠵᠦᠷᠢᠭ | ᠵᠠᠮ ᠠᠴᠠ ᠤᠳᠠᠲᠠᠯ᠎ᠠ ᠡᠷᠢᠭᠡᠳ ᠶᠡᠭᠡ ᠬᠡᠮᠵᠢᠶᠡᠨ ᠤ ᠴᠠᠭ ᠪᠠ ᠣᠶᠤᠨ ᠴᠢᠳᠠᠯ ᠢᠶᠠᠨ ᠵᠠᠷᠤᠴᠠᠭᠤᠯᠳᠠᠭ᠃ ᠡᠨᠡ ᠬᠦ | ᠬᠦᠴᠢᠷᠳᠡᠯ ᠢ ᠲᠦᠢᠯᠪᠤᠷᠢᠲᠠᠢ ᠬᠤᠪᠢᠷᠠᠭᠤᠯᠬᠤ ᠶᠢᠨ ᠲᠥᠯᠥᠭᠡ᠂ ᠪᠠᠯᠭᠠᠰᠤᠨ ᠤ ᠨᠠᠮ ᠤᠨ ᠬᠤᠷᠢᠶ᠎ᠡ᠂ ᠵᠠᠰᠠᠭ ᠤᠨ | ᠣᠷᠳᠣᠨ ᠨᠠᠷᠢᠨ ᠨᠢᠮᠪᠠᠢ ᠠᠷᠭ᠎ᠠ ᠰᠦᠪᠡᠭᠴᠢᠯᠡᠵᠦ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠢ | ᠪᠠᠯᠭᠠᠰᠤᠨ ᠤ ᠵᠠᠰᠠᠭ ᠤᠨ ᠣᠷᠳᠣᠨ ᠲᠠᠢ ᠶᠠᠭ ᠨᠠᠭᠠᠯᠳᠤᠭᠰᠠᠨ ᠰᠢᠨ᠎ᠡ ᠭᠠᠵᠠᠷ ᠲᠤ ᠰᠢᠯᠵᠢᠭᠦᠯᠪᠡ᠃ | ᠡᠳᠦᠭᠡ᠂ ᠨᠠᠮ ᠪᠠ ᠣᠯᠠᠨ ᠲᠦᠮᠡᠨ ᠤ ᠰᠢᠨ᠎ᠡ ᠦᠢᠯᠡᠴᠢᠯᠡᠭᠡᠨ ᠤ ᠲᠥᠪ ᠥᠷᠭᠡᠨ ᠠᠭᠤᠳᠠᠮ᠂ ᠴᠢᠳᠠᠮᠵᠢ ᠶᠢᠨ | ᠬᠤᠪᠢᠶᠠᠷᠢ ᠲᠣᠭᠤᠷᠢᠭ ᠭᠡᠨᠡᠳᠲᠡ ᠬᠠᠷᠠᠭᠳᠠᠨ᠎ᠠ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠳᠤ | ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ᠂ ᠵᠠᠰᠠᠭ ᠤᠨ ᠶᠠᠪᠤᠳᠠᠯ᠂ ᠠᠵᠢᠯ ᠣᠯᠭᠤᠯᠲᠠ ᠵᠡᠷᠭᠡ ᠡᠯ᠎ᠡ | ᠠᠵᠢᠯ ᠶᠠᠪᠤᠳᠠᠯ ᠭᠦᠢᠴᠡᠳᠬᠡᠬᠦ ᠴᠣᠩᠬᠤ ᠳᠡᠰ ᠳᠠᠷᠠᠭᠠᠯᠠᠨ ᠵᠢᠭᠰᠠᠵᠤ᠂ ᠠᠵᠢᠯᠲᠠᠳ ᠢᠨᠢᠶᠡᠮᠰᠦᠭᠯᠡᠨ ᠤᠭᠲᠤᠵᠤ᠂ | ᠬᠠᠯᠠᠭᠤᠮᠰᠤᠭ ᠢᠶᠠᠷ ᠦᠢᠯᠡᠴᠢᠯᠡᠵᠦ᠂ ᠣᠯᠠᠨ ᠲᠦᠮᠡᠨ ᠳᠤ ᠭᠡᠷ ᠪᠦᠯᠢ ᠶᠢᠨ ᠡᠩ ᠤᠨ ᠬᠠᠯᠠᠭᠤᠨ ᠳᠤᠯᠠᠭᠠᠨ ᠢ | ᠮᠡᠳᠡᠷᠡᠭᠦᠯᠪᠡ᠃ ᠠᠰᠠᠭᠤᠨ ᠯᠠᠪᠯᠠᠬᠤ ᠠᠴᠠ ᠰᠢᠢᠳᠪᠦᠷᠢᠯᠡᠬᠦ ᠪᠣᠯᠲᠠᠯ᠎ᠠ᠂ ᠶᠠᠪᠤᠴᠠ ᠶᠢ ᠳᠥᠭᠦᠮᠴᠢᠯᠡᠵᠦ᠂ ᠥᠨᠳᠥᠷ | ᠪᠦᠲᠦᠮᠵᠢᠲᠡᠢ ᠪᠠᠶᠢᠬᠤ ᠶᠢ ᠦᠨᠡᠨ ᠬᠦ ᠪᠡᠶᠡᠯᠡᠭᠦᠯᠵᠦ᠂ ᠣᠯᠠᠨ ᠲᠦᠮᠡᠨ ᠢ ︽ᠳᠤᠲᠠᠭᠤ ᠭᠦᠶᠦᠯᠭᠡᠵᠦ᠂ ᠤᠴᠢᠷ | ᠶᠠᠪᠤᠳᠠᠯ ᠰᠢᠢᠳᠪᠦᠷᠢᠯᠡᠬᠦ︾ ᠶᠢ ᠦᠨᠡᠨ ᠬᠦ ᠪᠡᠶᠡᠯᠡᠭᠦᠯᠵᠦ᠂ ᠴᠣ ᠰᠢᠨ᠎ᠡ ᠪᠠᠶᠢᠷᠢᠰᠢᠭᠤᠯᠤᠭᠰᠠᠨ ᠨᠠᠮ ᠪᠠ ᠣᠯᠠᠨ | ᠲᠦᠮᠡᠨ ᠤ ᠦᠢᠯᠡᠴᠢᠯᠡᠭᠡᠨ ᠤ ᠲᠥᠪ ᠦᠳᠲᠡᠷ ᠲᠦᠷᠭᠡᠨ ᠲᠣᠰᠬᠤᠨ ᠤ ᠠᠷᠠᠳ ᠤᠨ ᠤᠴᠢᠷ ᠶᠠᠪᠤᠳᠠᠯ | ᠲᠣᠬᠢᠶᠠᠯᠳᠤᠪᠠᠯ ᠡᠷᠢᠬᠦ᠂ ᠦᠷᠭᠦᠯᠵᠢ ᠬᠠᠷᠢᠯᠴᠠᠵᠤ ᠦᠷᠭᠦᠯᠵᠢ ᠬᠠᠨᠳᠤᠬᠤ ︽ᠰᠢᠨ᠎ᠡ ᠭᠠᠵᠠᠷ ᠤᠨ ᠲᠡᠮᠳᠡᠭ︾ | ᠪᠣᠯᠤᠭᠰᠠᠨ ᠪᠠᠶᠢᠨ᠎ᠠ᠃ | ᠨᠠᠷᠢᠯᠢᠭ ᠡᠮᠬᠢᠯᠡᠨ ᠳᠢᠭᠯᠡᠬᠦ᠄ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ︽ᠤᠷᠤᠭᠰᠢᠯᠠᠬᠤ︾ ᠶᠢ | ᠳᠡᠯᠭᠡᠷᠡᠭᠦᠯᠬᠦ ᠬᠡᠷᠡᠭᠲᠡᠢ | ᠰᠢᠶᠠ ᠱᠢ ᠬᠤᠤ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠠᠴᠠ ᠠᠵᠢᠯ ᠤᠨ | ᠵᠦᠢᠯᠡᠰ ᠢ ᠪᠦᠬᠦ ᠲᠠᠯ᠎ᠠ ᠪᠠᠷ ᠡᠮᠬᠢᠯᠡᠨ ᠲᠢᠭᠯᠡᠵᠦ᠂ ᠦᠢᠯᠡᠴᠢᠯᠡᠭᠡᠨ ᠤ ᠦᠷ᠎ᠡ ᠪᠦᠲᠦᠮᠵᠢ ᠪᠠ ᠬᠠᠮᠢᠶᠠᠷᠤᠯᠲᠠ ᠶᠢᠨ | ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠵᠠᠰᠠᠯᠲᠠ ᠪᠠ ᠣᠯᠠᠨ | ᠲᠦᠮᠡᠨ ᠤ ᠦᠢᠯᠡᠴᠢᠯᠡᠭᠡ ᠳᠤ ᠪᠠᠲᠤ ᠪᠠᠬᠢ ᠰᠠᠭᠤᠷᠢ ᠶᠢ ᠲᠠᠯᠪᠢᠪᠠ᠃ ᠡᠮᠬᠢᠯᠡᠬᠦ ᠶᠠᠪᠤᠴᠠ ᠳᠤ᠂ ᠨᠠᠮ ᠪᠠ ᠣᠯᠠᠨ | ᠲᠦᠮᠡᠨ ᠤ ᠦᠢᠯᠡᠴᠢᠯᠡᠭᠡᠨ ᠤ ᠲᠥᠪ ᠨᠢ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ᠂ ᠠᠵᠢᠯ | ᠣᠯᠭᠤᠯᠲᠠ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠡᠷᠭᠡ ᠭᠤᠣᠯ ᠬᠡᠰᠡᠭ ᠤᠨ ᠲᠣᠭᠤᠷᠢᠨ ᠳᠤ ᠰᠢᠰᠲ᠋ᠧᠮ ᠤᠨ | ᠲᠥᠷᠥᠯ ᠬᠤᠪᠢᠶᠠᠬᠤ ᠪᠠ ᠨᠠᠷᠢᠯᠢᠬᠵᠢᠭᠤᠯᠪᠠ᠃ ᠨᠡᠶᠢᠭᠡᠮ ᠤᠨ ᠪᠠᠲᠤᠯᠠᠭ᠎ᠠ ᠡᠮ ᠡᠮᠨᠡᠯᠭᠡ ᠶᠢᠨ ᠳᠠᠭᠠᠳᠬᠠᠯ ᠢ | ᠭᠦᠢᠴᠡᠳᠬᠡᠬᠦ᠂ ︽ᠨᠢᠭᠡ ᠬᠦᠰᠦᠨᠦᠭᠲᠦ ᠪᠠᠷ ᠨᠡᠪᠲᠡᠷᠡᠬᠦ︾ ᠰᠢᠰᠲ᠋ᠧᠮ ᠢ ᠲᠠᠭᠯᠠᠨ ᠮᠡᠳᠡᠭᠦᠯᠬᠦ᠂ ᠠᠵᠢᠯ ᠣᠯᠭᠤᠵᠤ | ᠠᠳᠠᠯ ᠦᠢᠯᠡᠰ ᠴᠣᠭᠴᠠᠯᠠᠬᠤ ᠶᠢ ᠬᠠᠪᠰᠤᠷᠤᠨ ᠲᠡᠳᠬᠦᠬᠦ ᠵᠡᠷᠭᠡ ᠵᠦᠢᠯᠡᠰ ᠢ ᠭᠦᠢᠴᠡᠳᠬᠡᠬᠦ ᠠᠯᠬᠤᠮ ᠳᠠᠷᠠᠭ᠎ᠠ ᠶᠢ | ᠡᠮᠬᠢᠯᠡᠨ ᠲᠢᠭᠯᠡᠵᠦ᠂ ᠲᠤᠰ ᠤᠳᠠᠭᠠᠨ ᠤ ᠡᠮᠬᠢᠯᠡᠨ ᠳᠢᠭᠯᠡᠬᠦ ᠪᠠᠷ ᠳᠠᠮᠵᠢᠭᠤᠯᠤᠨ ᠵᠦᠢᠯᠡᠰ ᠨᠢᠭᠡᠪᠦᠷᠢ ᠶᠢᠨ ᠡᠭᠦᠷᠭᠡ | ᠲᠤᠰᠢᠶᠠᠯ ᠢᠶᠠᠨ ᠭᠦᠢᠴᠡᠳᠬᠡᠬᠦ ᠪᠡᠶᠡᠴᠢ ᠴᠣᠭᠴᠠ ᠪᠠ ᠭᠦᠢᠴᠡᠳᠬᠡᠬᠦ ᠠᠯᠬᠤᠮ ᠳᠠᠷᠠᠭ᠎ᠠ ᠶᠢ ᠲᠣᠳᠣᠷᠬᠠᠶᠢᠯᠠᠵᠤ᠂ | ᠠᠵᠢᠯ ᠤᠨ ᠵᠢᠷᠤᠮᠯᠠᠬᠤ ᠳᠦᠷᠢᠮ ᠲᠠᠢ᠂ ᠥᠨᠳᠥᠷ ᠪᠦᠲᠦᠮᠵᠢᠲᠡᠢ ᠪᠠᠷ ᠠᠬᠢᠭᠤᠯᠬᠤ ᠶᠢ ᠦᠨᠡᠨ ᠬᠦ ᠪᠠᠲᠤᠯᠠᠪᠠ᠃ | ᠡᠭᠦᠨ ᠤ ᠬᠠᠮᠲᠤ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠠᠰᠢᠭᠯᠠᠨ ᠠᠵᠢᠯ ᠤᠨ ᠵᠦᠢᠯᠡᠰ ᠤᠨ | ᠬᠠᠮᠢᠶᠠᠷᠤᠯᠲᠠ ᠶᠢᠨ ᠡᠬᠡ ᠳᠠᠩᠰᠠ ᠶᠢ ᠪᠠᠶᠢᠭᠤᠯᠵᠤ᠂ ᠬᠥᠳᠡᠯᠦᠩᠭᠦᠢ ᠮᠥᠷᠳᠡᠬᠦ ᠪᠠ ᠴᠠᠭ ᠲᠤᠬᠠᠢ ᠳᠤᠨᠢ | ᠰᠢᠨᠡᠳᠬᠡᠬᠦ ᠶᠢ ᠪᠡᠶᠡᠯᠡᠭᠦᠯᠵᠦ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠵᠢᠯ ᠤᠨ ᠢᠯᠡ | ᠲᠣᠳᠣ ᠶᠢᠨ ᠬᠡᠮᠵᠢᠶ᠎ᠡ ᠪᠠ ᠬᠠᠮᠵᠢᠯᠴᠠᠬᠤ ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠪᠡ᠃ | ᠨᠤᠲᠤᠭ ᠤᠨ ᠠᠬ᠎ᠠ ᠳᠡᠭᠦᠦ ᠨᠡᠷ ᠢ ᠳᠤᠯᠠᠭᠠᠴᠠᠭᠤᠯᠬᠤ᠄ ᠰᠡᠳᠬᠢᠯ ᠳᠤᠯᠠᠭᠠᠴᠠᠭᠤᠯᠤᠨ ᠬᠠᠪᠰᠤᠷᠤᠨ ᠲᠡᠳᠬᠦᠬᠦ ︽ | ᠴᠤᠤᠷᠢᠶᠠᠲᠤᠭᠰᠠᠨ ᠠᠶ᠎ᠠ︾ ᠶᠢ ᠬᠠᠩᠭᠢᠨ ᠬᠤᠶᠢᠲᠤ ᠬᠤᠰᠢᠭᠤᠨ ᠳᠤ᠂ ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ᠲᠥᠪ ᠰᠡᠳᠬᠢᠯ ᠳᠤᠯᠠᠭᠠᠴᠠᠭᠤᠯᠤᠨ ᠬᠠᠪᠰᠤᠷᠤᠨ ᠲᠡᠳᠬᠦᠬᠦ ᠶᠢ ᠢᠮᠠᠭᠲᠠ ᠠᠵᠢᠯ ᠤᠨ | ᠴᠢᠬᠤᠯᠠ ᠠᠴᠠ ᠴᠢᠬᠤᠯᠠ ᠵᠦᠢᠯ ᠪᠣᠯᠭᠠᠵᠤ᠂ ᠢᠯᠠᠩᠭᠤᠶ᠎ᠠ ᠴᠡᠷᠢᠭ ᠠᠴᠠ ᠬᠠᠯᠠᠭᠳᠠᠭᠰᠠᠳ ᠢ ᠠᠰᠠᠷᠠᠨ ᠬᠠᠷᠠᠭᠠᠯᠵᠠᠬᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠪᠦᠬᠦ ᠬᠦᠴᠦᠨ ᠢᠶᠠᠨ ᠰᠢᠪᠬᠠᠬᠤ ᠬᠡᠷᠡᠭᠲᠡᠢ᠃ | ᠠᠵᠢᠯᠲᠠᠳ ᠲᠣᠭᠲᠠᠮᠠᠯ ᠬᠤᠭᠤᠴᠠᠭ᠎ᠠ ᠲᠠᠢ ᠪᠠᠷ ᠴᠡᠷᠢᠭ ᠠᠴᠠ ᠬᠠᠯᠠᠭᠳᠠᠭᠰᠠᠳ ᠤᠨ ᠭᠡᠷ ᠪᠦᠯᠢ ᠳᠤ ᠬᠦᠷᠴᠦ᠂ | ᠲᠡᠳᠡᠨ ᠤ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠪᠠ ᠡᠷᠡᠭᠦᠯ ᠮᠡᠨᠳᠦ ᠶᠢᠨ ᠪᠠᠶᠢᠳᠠᠯ ᠢ ᠨᠠᠷᠢᠨ ᠣᠶᠢᠯᠠᠭᠠᠵᠤ᠂ | ᠡᠯ᠎ᠡ ᠲᠥᠷᠥᠯ ᠤᠨ ᠬᠠᠷᠠᠭᠠᠯᠵᠠᠯ ᠤᠨ ᠮᠥᠩᠭᠦ᠂ ᠠᠰᠠᠷᠠᠮᠵᠢ ᠶᠢᠨ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ | ᠣᠯᠭᠤᠵᠤ᠂ ᠴᠡᠷᠢᠭ ᠠᠴᠠ ᠬᠠᠯᠠᠭᠳᠠᠭᠰᠠᠳ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠪᠠ᠃ ᠴᠢᠬᠤᠯᠠ | ᠪᠠᠶᠠᠷ ᠤᠨ ᠡᠳᠦᠷ ᠪᠣᠯᠬᠤ ᠪᠦᠷᠢ ᠪᠠᠯᠭᠠᠰᠤᠨ ᠤ ᠤᠳᠤᠷᠢᠳᠤᠯᠭ᠎ᠠ ᠥᠪᠡᠷ ᠤᠨ ᠪᠡᠶ᠎ᠡ ᠪᠠᠷ ᠢᠶᠠᠨ ᠪᠦᠯᠬᠦᠮ ᠳᠠᠭᠠᠭᠤᠯᠤᠨ | ᠴᠡᠷᠢᠭ ᠠᠴᠠ ᠬᠠᠯᠠᠭᠳᠠᠭᠰᠠᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠲᠣᠬᠤᠨᠢᠭᠤᠯᠬᠤ ᠪᠣᠳᠠᠰ ᠪᠠ ᠪᠠᠶᠠᠷ ᠤᠨ | ᠡᠳᠦᠷ ᠤᠨ ᠵᠥᠩᠨᠡᠯ ᠬᠦᠷᠭᠡᠵᠦ᠂ ᠲᠡᠳᠡᠨ ᠤ ᠰᠡᠳᠬᠢᠯ ᠤᠨ ᠦᠭᠡ ᠪᠠ ᠰᠠᠨᠠᠭᠤᠯᠭ᠎ᠠ ᠶᠢ ᠨᠠᠷᠢᠨ ᠬᠢᠨᠠᠮᠠᠭᠠᠢ | ᠰᠣᠨᠣᠰᠳᠠᠭ᠃ | ᠠᠮᠢᠳᠤᠷᠠᠯ ᠨᠢ ᠬᠦᠴᠢᠷᠳᠡᠯᠲᠡᠢ ᠴᠡᠷᠢᠭ ᠤᠨ ᠠᠯᠪᠠᠨ ᠠᠴᠠ ᠪᠠᠭᠤᠭᠰᠠᠳ ᠤᠨ ᠭᠡᠷ ᠪᠦᠯᠢ ᠶᠢ ᠴᠠᠭ ᠲᠤᠬᠠᠢ ᠳᠤᠨᠢ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠵᠤ᠂ ᠠᠰᠠᠷᠠᠨ | ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠬᠦᠴᠦᠲᠡᠢ ᠨᠠᠶᠢᠳᠠᠪᠤᠷᠢᠵᠢᠭᠤᠯᠬᠤ ᠬᠡᠷᠡᠭᠲᠡᠢ᠃ ᠡᠭᠦᠨ ᠢᠶᠠᠷ ᠪᠠᠷᠠᠬᠤ | ᠦᠭᠡᠢ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠪᠠᠰᠠ ᠲᠣᠰᠬᠤᠨ ᠤ ᠬᠠᠪᠰᠤᠷᠬᠤ ᠴᠢᠬᠤᠯᠠᠲᠠᠢ | ᠪᠤᠰᠤᠳ ᠬᠥᠮᠦᠰ ᠲᠠᠢ ᠰᠡᠳᠬᠢᠯ ᠵᠢᠷᠦᠬᠡ ᠪᠠᠨ ᠬᠤᠯᠪᠣᠵᠠᠢ᠃ ᠲᠡᠳᠡᠨ ᠤ ᠠᠵᠢᠯ ᠣᠯᠵᠤ ᠣᠷᠣᠯᠭ᠎ᠠ ᠪᠠᠨ | ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠤ ᠪᠣᠳᠠᠲᠤ ᠬᠡᠷᠡᠭᠴᠡᠭᠡ ᠲᠠᠢ ᠤᠶᠠᠯᠳᠤᠭᠤᠯᠤᠨ᠂ | ᠨᠡᠶᠢᠲᠡ ᠶᠢᠨ ᠠᠰᠠᠷᠠᠮᠵᠢ ᠶᠢᠨ ᠠᠵᠢᠯ ᠤᠨ ᠠᠯᠢ ᠣᠯᠠᠨ ᠪᠠᠶᠢᠷᠢ ᠶᠢ ᠨᠠᠷᠢᠨ ᠨᠢᠮᠪᠠᠢ ᠲᠣᠬᠢᠷᠠᠭᠤᠯᠪᠠ᠃ ᠠᠶᠢᠯ | ᠲᠣᠰᠬᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠪᠡᠷᠯᠡᠬᠦ᠂ ᠣᠯᠠᠨ ᠨᠡᠶᠢᠲᠡ ᠶᠢᠨ ᠲᠥᠬᠦᠭᠡᠷᠦᠮᠵᠢ ᠶᠢ | ᠬᠠᠮᠠᠭᠠᠯᠠᠬᠤ ᠭᠡᠰᠡᠨ ᠦᠭᠡᠢ᠂ ᠠᠭᠤᠯᠠ ᠶᠢ ᠰᠠᠬᠢᠵᠤ ᠣᠢ ᠰᠢᠭᠤᠢ ᠶᠢ ᠬᠠᠮᠠᠭᠠᠯᠠᠬᠤ ᠭᠡᠰᠡᠨ ᠦᠭᠡᠢ᠂ ᠡᠳᠡᠭᠡᠷ | ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠨᠢ ᠴᠥᠮ ᠬᠦᠴᠢᠷᠳᠡᠯᠲᠡᠢ ᠲᠣᠰᠬᠤᠨ ᠤ ᠠᠷᠠᠳ ᠲᠤ ᠨᠢᠳᠤᠷᠭ᠎ᠠ | ᠦᠵᠡᠭᠦᠯᠬᠦ ᠲᠠᠪᠴᠠᠩ ᠬᠠᠩᠭᠠᠭᠰᠠᠨ ᠪᠠᠶᠢᠨ᠎ᠠ᠃ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ | ᠴᠥᠬᠦᠷᠡᠰᠢ ᠦᠭᠡᠢ ᠴᠢᠷᠮᠠᠶᠢᠯᠭ᠎ᠠ ᠳᠣᠣᠷ᠎ᠠ᠂ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠪᠣᠳᠠᠲᠠᠢ | ᠨᠠᠶᠢᠳᠠᠪᠤᠷᠢᠵᠢᠭᠤᠯᠵᠤ᠂ ᠨᠡᠶᠢᠲᠡ ᠶᠢᠨ ᠠᠰᠠᠷᠠᠮᠵᠢ ᠶᠢᠨ ᠬᠠᠪᠰᠤᠷᠤᠨ ᠲᠡᠳᠬᠦᠬᠦ ᠬᠥᠮᠦᠰ ᠤᠨ ᠰᠡᠳᠬᠢᠯ ᠢ | ᠳᠤᠯᠠᠭᠠᠴᠠᠭᠤᠯᠵᠤ᠂ ᠰᠢᠶᠠ ᠱᠢ ᠬᠤᠤ ᠪᠠᠯᠭᠠᠰᠤᠨ ᠤ ᠡᠶ᠎ᠡ ᠵᠣᠬᠢᠴᠠᠩᠭᠤᠢ ᠬᠥᠭᠵᠢᠯᠲᠡ ᠳᠤ ᠪᠠᠲᠤ ᠪᠠᠬᠢ ᠦᠨᠳᠦᠰᠦ | ᠰᠠᠭᠤᠷᠢ ᠶᠢ ᠲᠠᠯᠪᠢᠵᠤ ᠥᠭᠪᠡ᠃ | ᠰᠢᠶᠠ ᠱᠢ ᠬᠤᠤ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ | ᠪᠠᠷᠢᠮᠲᠠᠯᠠᠵᠤ᠂ ᠤᠭ ᠰᠠᠨᠠᠭ᠎ᠠ ᠪᠠᠨ ᠪᠠᠲᠤ ᠰᠠᠬᠢᠵᠤ᠂ ᠪᠣᠳᠠᠲᠠᠢ ᠠᠵᠢᠯᠯᠠᠵᠤ ᠠᠷᠠᠳ ᠤᠨ ᠰᠡᠳᠬᠢᠯ ᠢ ᠣᠯᠵᠤ᠂ ᠨᠠᠮ | ᠪᠠ ᠣᠯᠠᠨ ᠲᠦᠮᠡᠨ ᠤ ᠨᠢᠭᠲᠠ ᠬᠤᠯᠪᠣᠭᠠᠯᠠᠭᠰᠠᠨ ᠬᠤᠯᠪᠣᠭᠠᠰᠤ ᠶᠢ ᠬᠠᠳᠠ ᠴᠢᠯᠠᠭᠤ ᠮᠡᠲᠦ ᠪᠠᠲᠤ ᠪᠠᠬᠢ ᠪᠣᠯᠭᠠᠵᠤ᠂ | ᠡᠨᠡᠬᠦ ᠬᠦᠰᠡᠯ ᠡᠷᠡᠮᠡᠯᠵᠡᠯ ᠢᠶᠠᠷ ᠪᠢᠯᠬᠠᠭᠰᠠᠨ ᠭᠠᠵᠠᠷ ᠰᠢᠷᠣᠢ ᠳᠡᠭᠡᠷ᠎ᠡ᠂ ᠴᠡᠴᠡᠭᠯᠡᠨ ᠬᠥᠭᠵᠢᠭᠰᠡᠨ᠂ ᠡᠯᠪᠡᠭ ᠪᠠᠶᠠᠯᠢᠭ | ᠦᠷ᠎ᠡ ᠪᠦᠲᠦᠭᠡᠯ ᠢ ᠪᠤᠶᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠡᠭᠡᠨ ᠰᠠᠷᠠᠭᠤᠯ | ᠢᠷᠡᠭᠡᠳᠦᠢ ᠲᠡᠰᠢ ᠲᠣᠮᠣ ᠠᠯᠬᠤᠮ ᠢᠶᠠᠷ ᠤᠷᠤᠭᠰᠢᠯᠠᠨ᠎ᠠ᠃ | |