ᠨᠠᠶᠢᠷᠠᠭᠤᠯᠤᠭᠴᠢ᠂ ᠴᠠᠭᠠᠨ ᠰᠠᠷ᠎ᠠ ᠶᠢᠨ ᠠᠯᠬᠤᠭ᠎ᠠ ᠠᠭᠠᠵᠢᠮ ᠢᠶᠠᠷ ᠣᠶᠢᠷᠠᠲᠤᠬᠤ ᠶᠢ ᠳᠠᠭᠠᠯᠳᠤᠨ᠂ ᠲᠤᠰ | ᠡᠳᠦᠷ ᠠᠴᠠ ᠡᠬᠢᠯᠡᠨ᠂ ︽ᠲᠠᠩᠰᠤᠭ ᠰᠠᠶᠢᠬᠠᠨ ᠭᠦᠶᠡᠩ︾ ᠨᠡᠶᠢᠲᠡ ᠶᠢᠨ ᠳ᠋ᠤᠭᠠᠷ ᠨᠢ 2025 ᠣᠨ ᠤ ︽ᠴᠠᠭᠠᠨ | ᠰᠠᠷ᠎ᠠ ᠶᠢᠨ ᠦᠨᠳᠦᠰᠦᠨ ᠱᠠᠲᠤᠨ ᠳᠤ ᠭᠦᠨᠵᠡᠭᠡᠶᠢᠷᠡᠬᠦ︾ ᠲᠤᠰᠬᠠᠢ ᠪᠤᠯᠤᠩ ᠭᠠᠷᠭᠠᠵᠤ᠂ ᠰᠣᠨᠢᠨ ᠮᠡᠳᠡᠭᠡᠨ ᠤ | ᠨᠢᠳᠦ ᠪᠠᠷ ᠦᠨᠳᠦᠰᠦᠨ ᠱᠠᠲᠤᠨ ᠤ ᠠᠷᠠᠳ ᠲᠦᠮᠡᠨ ᠤ ᠴᠠᠭᠠᠨ ᠰᠠᠷ᠎ᠠ ᠶᠢᠨ ᠠᠮᠢᠳᠤᠷᠠᠯ ᠢ ᠠᠵᠢᠭᠯᠠᠬᠤ ᠪᠠ | ᠳᠠᠮᠵᠢᠭᠤᠯᠬᠤ ᠪᠣᠯᠤᠨ᠎ᠠ᠃ | ᠰᠢ ᠳ᠋ᠧᠦ ᠫᠦ᠋ ᠪᠠᠯᠭᠠᠰᠤᠨ ᠤ ᠡᠨᠡᠬᠦ ᠠᠭᠤᠳᠠᠮ ᠨᠤᠲᠤᠭ ᠳᠡᠭᠡᠷ᠎ᠡ ᠨᠢᠭᠡ ᠪᠦᠯᠦᠭ ᠴᠡᠷᠢᠭ ᠠᠩᠭᠢ ᠡᠳᠦᠷ | ᠳᠠᠷᠠᠭᠠᠯᠠᠨ ᠵᠡᠭᠡᠯᠢ ᠭᠤᠳᠤᠮᠵᠢ ᠪᠠᠷ ᠶᠠᠪᠤᠵᠤ᠂ ᠲᠣᠰᠬᠤᠨ ᠤ ᠠᠷᠠᠳ ᠤᠨ ᠭᠡᠷ ᠲᠤ ᠶᠠᠪᠤᠭᠳᠠᠵᠤ᠂ ᠲᠠᠷᠢᠶᠠᠨ | ᠭᠠᠵᠠᠷ ᠢᠶᠠᠷ ᠠᠶᠠᠯᠠᠪᠠ᠃ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠨ ᠢ ᠬᠠᠪᠰᠤᠷᠤᠨ ᠣᠷᠣᠯᠠᠨ | ᠭᠦᠢᠴᠡᠳᠬᠡᠨ᠎ᠡ᠃ ᠡᠳᠦᠷ ᠲᠤᠲᠤᠮ ᠤᠨ ᠠᠮᠢᠳᠤᠷᠠᠯ ᠤᠨ ᠬᠡᠷᠡᠭᠰᠡᠯ ᠢ ᠣᠷᠣᠯᠠᠨ ᠬᠤᠳᠠᠯᠳᠤᠨ ᠠᠪᠬᠤ᠂ ᠠᠯᠪᠠᠨ | ᠵᠢᠷᠤᠮ ᠤᠨ ᠦᠰᠦ ᠵᠠᠰᠠᠬᠤ᠂ ᠣᠷᠣᠰᠢᠨ ᠲᠣᠭᠲᠠᠨᠢᠬᠤ ᠶᠢᠨ ᠭᠡᠷᠡᠴᠢᠯᠡᠯ᠂ ᠬᠤᠪᠴᠠᠰᠤ ᠤᠬᠢᠶᠠᠵᠤ ᠬᠤᠭᠤᠯᠠ ᠬᠢᠬᠦ᠂ | ᠠᠷᠢᠭᠤᠨ ᠴᠡᠪᠡᠷ ᠢ ᠴᠡᠪᠡᠷᠯᠡᠬᠦ᠂ ᠴᠠᠭᠠᠨ ᠰᠠᠷ᠎ᠠ ᠶᠢᠨ ᠪᠠᠷᠠᠭ᠎ᠠ ᠵᠡᠷᠭᠡ ᠶᠢ ᠣᠷᠣᠯᠠᠨ ᠪᠣᠷᠣᠯᠠᠭᠤᠯᠤᠨ᠎ᠠ᠃ ᠲᠡᠳᠡᠨ ᠳᠤ | ︽ᠶᠠᠷᠢᠶ᠎ᠠ ᠲᠠᠯᠪᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠭᠡᠳᠡᠭ ᠨᠢᠭᠡ ᠨᠡᠷ᠎ᠡ ᠪᠠᠶᠢᠨ᠎ᠠ᠃ ᠲᠡᠳᠡᠨ ᠤ | ᠨᠢᠭᠡ ᠬᠠᠮᠲᠤ ᠶᠢᠨ ᠬᠠᠷᠠᠯᠲᠠ ᠪᠣᠯ ︽ᠠᠷᠠᠳ ᠲᠦᠮᠡᠨ ᠳᠤ ᠦᠢᠯᠡᠴᠢᠯᠡᠬᠦ︾ ᠪᠣᠯᠤᠨ᠎ᠠ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠥᠷᠭᠡᠨ ᠢᠶᠠᠷ | ᠦᠢᠯᠡᠳᠦᠯᠭᠡᠵᠢᠭᠦᠯᠵᠦ᠂ ︽ᠬᠤᠪᠢ ᠨᠡᠮᠡᠷᠢ ᠦᠵᠡᠭᠦᠯᠬᠦ᠂ ᠡᠶ᠎ᠡ ᠨᠠᠶᠢᠷᠰᠠᠭ᠂ ᠬᠠᠷᠢᠯᠴᠠᠨ ᠬᠠᠪᠰᠤᠷᠤᠯᠴᠠᠬᠤ᠂ | ᠳᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠠᠶᠢᠨ | ᠳᠤᠷ᠎ᠠ ᠶᠢᠨ ᠦᠢᠯᠡᠴᠢᠯᠡᠭᠡᠨ ᠤ ᠳᠦᠷᠢᠮᠵᠢᠭᠦᠯᠦᠯᠲᠡ᠂ ᠨᠡᠶᠢᠭᠡᠮᠴᠢᠯᠡᠭᠰᠡᠨ ᠪᠠ ᠪᠠᠶᠢᠩᠭᠤᠵᠢᠭᠰᠠᠨ ᠬᠥᠭᠵᠢᠯᠲᠡ ᠶᠢ | ᠠᠬᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠷᠠᠳ ᠤᠨ ᠠᠮᠢᠳᠤᠷᠠᠯ ᠪᠠ ᠨᠡᠶᠢᠭᠡᠮ ᠤᠨ ᠬᠥᠭᠵᠢᠯᠲᠡ ᠳᠤ | ᠦᠢᠯᠡᠴᠢᠯᠡᠬᠦ ᠳᠤᠮᠳᠠᠬᠢ ᠰᠠᠶᠢᠨ ᠳᠤᠷ᠎ᠠ ᠶᠢᠨ ᠦᠢᠯᠡᠴᠢᠯᠡᠭᠡᠨ ᠤ ᠵᠠᠩᠭᠢᠯᠠᠭ᠎ᠠ ᠶᠢᠨ ᠦᠢᠯᠡᠳᠦᠯ ᠢ ᠭᠦᠢᠴᠡᠳ | ᠪᠠᠳᠠᠷᠠᠭᠤᠯᠬᠤ ᠶᠢᠨ ᠲᠥᠯᠥᠭᠡ᠂ ᠰᠢ ᠳ᠋ᠧᠦ ᠫᠦ᠋ ᠪᠠᠯᠭᠠᠰᠤ ᠶᠢᠨ ᠯᠢᠦ ᠸᠧᠢ ᠬᠤᠤ ᠲᠣᠰᠬᠤᠨ ᠴᠠᠭᠠᠨ ᠰᠠᠷ᠎ᠠ ᠶᠢᠨ | ᠬᠤᠭᠤᠴᠠᠭᠠᠨ ᠳᠤ ᠣᠯᠠᠨ ᠬᠡᠯᠪᠡᠷᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠯᠠᠮᠵᠢᠯᠠᠨ ᠬᠠᠶᠢᠷᠠᠯᠠᠬᠤ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃ | ᠬᠥᠬᠡᠭᠡ ᠰᠠᠷ᠎ᠠ ᠳᠤ᠂ ᠰᠢᠨ᠎ᠡ ᠵᠢᠯ ᠤᠨ ᠪᠠᠷᠠᠭ᠎ᠠ ᠪᠡᠯᠡᠳᠬᠡᠬᠦ ᠨᠢ ᠭᠡᠷ ᠲᠡᠭᠡᠨ ᠬᠤᠴᠣᠷᠤᠭᠰᠠᠨ | ᠨᠠᠰᠤᠲᠠᠶᠢᠴᠤᠳ ᠤᠨ ᠰᠠᠨᠠᠭ᠎ᠠ ᠪᠣᠯᠵᠤ ᠪᠠᠶᠢᠨ᠎ᠠ᠃ ᠡᠨᠡᠬᠦ ᠣᠨᠴᠠᠭᠠᠢ ᠬᠥᠮᠦᠰ ᠢ ᠬᠠᠯᠠᠭᠤᠨ ᠳᠤᠯᠠᠭᠠᠨ ᠡᠶ᠎ᠡ | ᠨᠠᠶᠢᠷᠠᠮᠳᠠᠭᠤ ᠪᠠᠶᠠᠷ ᠤᠨ ᠡᠳᠦᠷ ᠢ ᠥᠩᠭᠡᠷᠡᠭᠦᠯᠬᠦ ᠶᠢᠨ ᠲᠥᠯᠥᠭᠡ ᠂ ᠣᠶᠢᠷ᠎ᠠ ᠳᠤ᠂ ᠯᠢᠦ ᠸᠧᠢ ᠬᠤᠤ ᠲᠣᠰᠬᠤᠨ | ᠤᠯᠠᠭᠠᠨ ᠠᠨᠠᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠠᠰᠢᠭᠯᠠᠨ 2025 ᠣᠨ ᠤ ᠴᠠᠭᠠᠨ | ᠰᠠᠷ᠎ᠠ ᠶᠢᠨ ︽ᠪᠢ ᠭᠡᠷ ᠲᠡᠭᠡᠨ ᠬᠤᠴᠣᠷᠤᠭᠰᠠᠨ ᠨᠠᠰᠤᠲᠠᠶᠢᠴᠤᠳ ᠲᠤ ᠴᠠᠭᠠᠨ ᠰᠠᠷ᠎ᠠ ᠶᠢᠨ ᠪᠠᠷᠠᠭ᠎ᠠ ᠪᠡᠯᠡᠳᠬᠡᠬᠦ︾ | ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠰᠠᠶᠢᠨ ᠳᠤᠷ᠎ᠠ ᠶᠢᠨ ᠠᠵᠢᠯᠯᠠᠭᠰᠠᠳ ᠠᠶᠢᠯ | ᠡᠷᠦᠬᠡ ᠳᠤ ᠣᠷᠣᠬᠤ ᠬᠡᠯᠪᠡᠷᠢ ᠪᠠᠷ ᠨᠠᠰᠤᠲᠠᠨ ᠢ ᠬᠠᠪᠰᠤᠷᠤᠨ ᠰᠢᠨ᠎ᠡ ᠶᠢᠨ ᠪᠠᠷᠠᠭ᠎ᠠ ᠶᠢ ᠨᠢ ᠬᠢᠵᠦ ᠥᠭᠪᠡ᠃ | ᠠᠵᠢᠯᠯᠠᠭᠠᠨ ᠤ ᠬᠤᠭᠤᠴᠠᠭᠠᠨ ᠳᠤ᠂ ᠰᠠᠶᠢᠨ ᠳᠤᠷᠠᠴᠤᠳ ᠢᠳᠡᠭᠡᠨ ᠤ ᠮᠠᠲ᠋ᠧᠷᠢᠶᠠᠯ ᠡᠯᠪᠡᠭ ᠳᠡᠯᠪᠡᠭ | ᠪᠡᠯᠡᠳᠬᠡᠵᠦ᠂ ᠭᠠᠭᠴᠠᠭᠠᠷ ᠰᠠᠭᠤᠭ᠎ᠠ ᠨᠠᠰᠤᠲᠠᠶᠢᠴᠤᠳ ᠤᠨ ᠣᠷᠣᠨ ᠰᠠᠭᠤᠴᠠ ᠳᠤ ᠬᠦᠷᠴᠦ᠂ ᠨᠠᠰᠤᠲᠠᠶᠢᠴᠤᠳ ᠢ | ᠬᠠᠪᠰᠤᠷᠤᠨ ᠲᠣᠰᠣᠨ ᠪᠣᠣᠪᠤ ᠬᠠᠭᠠᠷᠢᠵᠤ᠂ ᠪᠠᠰᠠ ᠴᠡᠪᠡᠷᠯᠡᠭᠡ ᠬᠢᠵᠦ᠂ ᠰᠢᠯ ᠵᠦᠯᠭᠦᠵᠦ᠂ ᠦᠰᠦ ᠵᠠᠰᠠᠪᠠ᠃ | ᠨᠠᠰᠤᠲᠠᠶᠢᠴᠤᠳ ᠴᠤ ᠬᠠᠯᠠᠭᠤᠮᠰᠤᠭ ᠢᠶᠠᠷ ᠣᠷᠣᠯᠴᠠᠵᠤ᠂ ᠰᠠᠶᠢᠨ ᠳᠤᠷ᠎ᠠ ᠶᠢᠨ ᠠᠵᠢᠯᠯᠠᠭᠰᠠᠳ ᠲᠠᠢ ᠪᠠᠨ ᠬᠠᠮᠲᠤ | ᠭᠤᠯᠢᠷ᠂ ᠲᠣᠭᠤᠭ᠎ᠠ᠂ ᠲᠣᠰᠣ ᠰᠢᠲᠠᠭᠠᠵᠤ᠂ ᠣᠯᠠᠨ ᠢᠶᠠᠷ ᠢᠶᠠᠨ ᠠᠵᠢᠯ ᠬᠢᠬᠦ ᠶᠢᠨ ᠳᠠᠭᠠᠤ ᠵᠣᠭᠤᠭ ᠳᠡᠯᠭᠡᠵᠦ᠂ ᠭᠡᠷ | ᠳᠣᠲᠣᠷ᠎ᠠ ᠪᠠᠶᠠᠷ ᠬᠥᠷ ᠢᠶᠠᠷ ᠪᠢᠯᠬᠠᠵᠤ ᠪᠠᠶᠢᠯ᠎ᠠ᠃ | ᠲᠤᠰ ᠤᠳᠠᠭᠠᠨ ᠤ ᠰᠤᠷᠪᠤᠯᠵᠢᠯᠠᠬᠤ ᠠᠵᠢᠯᠯᠠᠭ᠎ᠠ ᠳᠤᠮᠳᠠ ᠰᠠᠶᠢᠨ ᠳᠤᠷ᠎ᠠ ᠶᠢᠨ ᠦᠢᠯᠡᠴᠢᠯᠡᠭᠴᠢᠳ ᠡᠷᠦᠬᠡ | ᠪᠦᠷᠢ ᠳᠤ ᠬᠦᠷᠬᠦ ᠪᠦᠷᠢ ᠴᠥᠮ ᠨᠠᠰᠤᠲᠠᠨ ᠲᠠᠢ ᠳᠣᠲᠣᠨᠣᠰᠤᠭ ᠢᠶᠠᠷ ᠬᠠᠯᠠᠮᠵᠢᠯᠠᠨ ᠠᠰᠠᠭᠤᠵᠤ᠂ ᠵᠣᠭᠤᠭᠳᠠᠪᠠ᠃ | ᠲᠡᠳᠡ ᠨᠠᠰᠤᠲᠠᠨ ᠤ ᠰᠡᠳᠬᠢᠯ ᠤᠨ ᠳᠠᠭᠤᠨ ᠢ ᠬᠦᠯᠢᠴᠡᠩᠭᠦᠢ ᠪᠠᠷ ᠰᠣᠨᠣᠰᠴᠤ᠂ ᠨᠠᠰᠤᠲᠠᠶᠢᠴᠤᠳ ᠤᠨ | ᠠᠮᠢᠳᠤᠷᠠᠯ ᠤᠨ ᠪᠠᠶᠢᠳᠠᠯ ᠪᠣᠯᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠪᠠᠶᠢᠳᠠᠯ ᠢ ᠨᠠᠷᠢᠨ ᠣᠶᠢᠯᠠᠭᠠᠵᠤ᠂ | ᠨᠠᠰᠤᠲᠠᠨ ᠢ ᠡᠪᠦᠯ ᠤᠨ ᠤᠯᠠᠷᠢᠯ ᠳᠤ ᠳᠤᠯᠠᠭᠠᠯᠠᠭ᠎ᠠ ᠬᠠᠩᠭᠠᠬᠤ ᠪᠠᠨ ᠮᠠᠷᠲᠠᠬᠤ ᠦᠭᠡᠢ ᠪᠠᠶᠢᠵᠤ᠂ ᠡᠷᠬᠡᠪᠰᠢ ᠭᠠᠯ | ᠬᠡᠷᠡᠭᠯᠡᠬᠦ᠂ ᠴᠠᠬᠢᠯᠭᠠᠨ ᠬᠡᠷᠡᠭᠯᠡᠬᠦ ᠶᠢ ᠠᠩᠬᠠᠷᠬᠤ ᠬᠡᠷᠡᠭᠲᠡᠢ ᠭᠡᠵᠦ ᠵᠠᠬᠢᠪᠠ᠃ | ᠯᠢᠦ ᠸᠧᠢ ᠬᠤᠤ ᠲᠣᠰᠬᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠢᠯᠡᠷᠬᠡᠶᠢᠯᠡᠬᠦ ᠳᠡᠭᠡᠨ᠂ | ᠳᠠᠷᠠᠭᠠᠴᠢ ᠶᠢᠨ ᠠᠯᠬᠤᠮ ᠳᠤ᠂ ᠲᠡᠳᠡ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠶᠢᠷ᠎ᠠ ᠬᠠᠯᠠᠮᠵᠢ ᠶᠢᠨ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠠᠭᠴᠠᠭᠠᠷ ᠦᠯᠡᠳᠡᠵᠦ ᠬᠤᠴᠣᠷᠤᠭᠰᠠᠨ ᠨᠠᠰᠤᠲᠠᠶᠢᠴᠤᠳ ᠤᠨ ᠡᠳᠦᠷ | ᠲᠤᠲᠤᠮ ᠤᠨ ᠠᠮᠢᠳᠤᠷᠠᠯ ᠢ ᠰᠡᠳᠬᠢᠯ ᠲᠠᠯᠪᠢᠨ᠂ ᠬᠠᠶᠢᠷ᠎ᠠ ᠰᠡᠳᠬᠢᠯᠭᠡ ᠪᠠᠷ ᠬᠦᠴᠦᠯᠡᠨ ᠠᠩᠬᠠᠷᠤᠨ᠎ᠠ ᠭᠡᠵᠡᠢ᠃ ︽ | ᠭᠠᠷ ᠢᠶᠠᠨ ᠬᠤᠯᠪᠣᠯᠳᠤᠭᠤᠯᠬᠤ︾ ᠵᠣᠷᠢᠭ ᠰᠠᠨᠠᠭ᠎ᠠ ᠶᠢ ᠪᠠᠷᠢᠮᠲᠠᠯᠠᠵᠤ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ | ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠢᠳᠡᠪᠬᠢᠲᠡᠢ ᠰᠢᠢᠳᠪᠦᠷᠢᠯᠡᠵᠦ᠂ ᠠᠷᠠᠳ ᠲᠤ ᠳᠥᠭᠦᠮ ᠦᠵᠡᠭᠦᠯᠬᠦ | ᠨᠡᠩ ᠣᠯᠠᠨ ᠦᠢᠯᠡᠴᠢᠯᠡᠭᠡ ᠶᠢ ᠣᠯᠠᠨ ᠲᠦᠮᠡᠨ ᠤ ᠳᠡᠷᠭᠡᠳᠡ ᠬᠦᠷᠭᠡᠬᠦ ᠬᠡᠷᠡᠭᠲᠡᠢ ᠭᠡᠪᠠ᠃ | |