ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠭᠦᠶᠡᠩ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠢ ᠬᠤᠷᠠᠯᠳᠤᠭᠤᠯᠬᠤ ᠲᠤᠬᠠᠢ ᠲᠣᠭᠲᠠᠭᠠᠯ
ᠨᠡᠶᠢᠲᠡᠯᠡᠭᠰᠡᠨ ᠴᠠᠭ᠄
2025/1/16
    ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠭᠦᠶᠡᠩ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠢ ᠬᠤᠷᠠᠯᠳᠤᠭᠤᠯᠬᠤ ᠲᠤᠬᠠᠢ ᠲᠣᠭᠲᠠᠭᠠᠯ    ︵2025 ᠣᠨ ᠤ 1 ᠰᠠᠷ᠎ᠠ ᠶᠢᠨ 16 ᠤ ᠡᠳᠦᠷ ᠤᠨ ᠤᠯᠤᠰ ᠲᠥᠷᠥ ᠶᠢᠨ ᠵᠥᠪᠯᠡᠯᠭᠡᠨ ᠤ ᠭᠦᠶᠡᠩ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ ᠬᠤᠷᠠᠯᠳᠤᠭᠠᠨ ᠠᠴᠠ ᠪᠠᠲᠤᠯᠠᠪᠠ    ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠭᠦᠶᠡᠩ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ ᠬᠤᠷᠠᠯᠳᠤᠭᠠᠨ ᠠᠴᠠ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠭᠦᠶᠡᠩ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠠᠴᠠ 2025 ᠣᠨ ᠤ 1 ᠰᠠᠷ᠎ᠠ ᠶᠢᠨ 22 ᠤᠨ ᠡᠳᠦᠷ ᠠᠴᠠ 23 ᠤ ᠡᠳᠦᠷ ᠪᠣᠯᠲᠠᠯ᠎ᠠ ᠰᠢᠶᠠᠨ ᠤ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢᠨ ᠮᠡᠳᠡᠭᠦᠯᠦᠯᠲᠡ ᠶᠢᠨ ᠲᠢᠩᠬᠢᠮ ︵ᠰᠢᠶᠠᠨ ᠤ ᠨᠠᠮ ᠵᠠᠰᠠᠭ ᠤᠨ ᠲᠣᠮᠣ ᠠᠰᠠᠷ ᠤᠨ ᠪᠠᠷᠠᠭᠤᠨ ᠲᠠᠯ᠎ᠠ︶ ᠳᠤ ᠬᠤᠷᠠᠯᠳᠤᠭᠤᠯᠬᠤ ᠪᠠᠷ ᠲᠣᠭᠲᠠᠪᠠ᠃    ᠬᠤᠷᠠᠯ ᠤᠨ ᠭᠤᠣᠯ ᠵᠥᠪᠯᠡᠬᠦ ᠵᠦᠢᠯ ᠪᠣᠯ᠄    ᠨᠢᠭᠡ᠂ ᠤᠯᠤᠰ ᠲᠥᠷᠥ ᠶᠢᠨ ᠵᠥᠪᠯᠡᠯᠭᠡᠨ ᠤ ᠭᠦᠶᠡᠩ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ︔    ᠬᠤᠶᠠᠷ᠂ ᠤᠯᠤᠰ ᠲᠥᠷᠥ ᠶᠢᠨ ᠵᠥᠪᠯᠡᠯᠭᠡᠨ ᠤ ᠭᠦᠶᠡᠩ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠠᠴᠠ ᠨᠠᠰᠢᠬᠢ ᠰᠠᠨᠠᠯ ᠵᠥᠪᠯᠡᠯᠭᠡ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ︔    ᠭᠤᠷᠪᠠ᠂ ᠭᠦᠶᠡᠩ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠳᠤ ᠰᠤᠯᠠ ᠣᠷᠣᠯᠴᠠᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠵᠢᠴᠢ ᠪᠤᠰᠤᠳ ᠬᠤᠯᠪᠣᠭᠳᠠᠯ ᠪᠦᠬᠦᠢ ᠮᠡᠳᠡᠭᠦᠯᠦᠯᠲᠡ ᠶᠢ ᠰᠣᠨᠣᠰᠴᠤ ᠶᠠᠷᠢᠯᠴᠠᠪᠠ︔    ᠳᠥᠷᠪᠡ᠂ ᠤᠯᠤᠰ ᠲᠥᠷᠥ ᠶᠢᠨ ᠵᠥᠪᠯᠡᠯᠭᠡᠨ ᠤ ᠭᠦᠶᠡᠩ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠤᠯᠤᠰ ᠲᠥᠷᠥ ᠶᠢᠨ ᠰᠢᠢᠳᠪᠦᠷᠢ ᠶᠢ ᠬᠢᠨᠠᠨ ᠶᠠᠷᠢᠯᠴᠠᠵᠤ ᠪᠠᠲᠤᠯᠠᠨ᠎ᠠ︔    ᠲᠠᠪᠤ᠂ ᠤᠯᠤᠰ ᠲᠥᠷᠥ ᠶᠢᠨ ᠵᠥᠪᠯᠡᠯᠭᠡᠨ ᠤ ᠭᠦᠶᠡᠩ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ ᠶᠢ ᠬᠢᠨᠠᠨ ᠶᠠᠷᠢᠯᠴᠠᠵᠤ ᠪᠠᠲᠤᠯᠠᠨ᠎ᠠ︔    ᠵᠢᠷᠭᠤᠭ᠎ᠠ᠂ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠠᠴᠠ ᠨᠠᠰᠢᠬᠢ ᠰᠠᠨᠠᠯ ᠵᠥᠪᠯᠡᠯᠭᠡ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠢ ᠤᠯᠤᠰ ᠲᠥᠷᠥ ᠶᠢᠨ ᠵᠥᠪᠯᠡᠯᠭᠡᠨ ᠤ ᠭᠦᠶᠡᠩ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠰᠢᠢᠳᠪᠦᠷᠢ ᠶᠢ ᠬᠢᠨᠠᠨ ᠶᠠᠷᠢᠯᠴᠠᠵᠤ ᠪᠠᠲᠤᠯᠠᠨ᠎ᠠ︔    ᠳᠣᠯᠤᠭ᠎ᠠ᠂ ᠤᠯᠤᠰ ᠲᠥᠷᠥ ᠶᠢᠨ ᠵᠥᠪᠯᠡᠯᠭᠡᠨ ᠤ ᠭᠦᠶᠡᠩ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠰᠠᠨᠠᠯ ᠵᠥᠪᠯᠡᠯᠭᠡ ᠰᠣᠶᠣᠯ ᠲᠡᠦᠬᠡ ᠶᠢᠨ ᠵᠥᠪᠯᠡᠯ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠤ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠶᠠᠷᠢᠯᠴᠠᠵᠤ ᠪᠠᠲᠤᠯᠠᠨ᠎ᠠ︔    ᠨᠠᠢᠮᠠ᠂ ᠠᠵᠢᠯᠲᠠᠨ ᠤ ᠶᠠᠪᠤᠳᠠᠯ ᠤᠨ ᠤᠴᠢᠷ ᠢ ᠬᠢᠨᠠᠨ ᠶᠠᠷᠢᠯᠴᠠᠵᠤ ᠪᠠᠲᠤᠯᠠᠨ᠎ᠠ᠃ 
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号