1 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠭᠦᠶᠡᠩ ᠰᠢᠶᠠᠨ ᠤ ᠠᠷᠪᠠᠨ ᠨᠠᠢᠮᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠡᠬᠢᠯᠡᠪᠡ᠃ ᠶᠡᠭᠡ | ᠬᠤᠷᠠᠯ ᠤᠨ ᠡᠳᠦᠷ ᠰᠢ ᠳ᠋ᠧᠦ ᠫᠦ᠋ ᠪᠠᠯᠭᠠᠰᠤᠨ ᠤ ᠲᠥᠯᠥᠭᠡᠯᠡᠭᠴᠢᠳ ᠤᠨ ᠪᠦᠯᠬᠦᠮ ᠤᠨ 19 ᠲᠥᠯᠥᠭᠡᠯᠡᠭᠴᠢ | ᠳᠡᠭᠡᠳᠦ ᠬᠡᠮᠵᠢᠶᠡᠨ ᠤ ᠤᠯᠤᠰ ᠲᠦᠷᠦ ᠂ ᠨᠢᠭᠡᠳᠦᠯᠲᠡᠢ ᠪᠠᠶᠢᠬᠤ ᠤᠬᠠᠮᠰᠠᠷ ᠢᠶᠠᠷ ᠦᠨᠳᠦᠰᠦᠨ ᠬᠠᠤᠯᠢ ᠪᠠ ᠬᠠᠤᠯᠢ | ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠡᠳᠬᠢᠯ | ᠰᠠᠨᠠᠭ᠎ᠠ ᠪᠠᠨ ᠲᠥᠪᠯᠡᠷᠡᠭᠦᠯᠦᠨ ᠮᠡᠳᠡᠭᠦᠯᠦᠯᠲᠡ ᠶᠢ ᠰᠣᠨᠣᠰᠴᠤ᠂ ᠪᠢᠴᠢᠭ ᠮᠠᠲ᠋ᠧᠷᠢᠶᠠᠯ ᠢ ᠰᠤᠳᠤᠯᠤᠨ ᠤᠩᠰᠢᠵᠤ᠂ | ᠭᠦᠨᠵᠡᠭᠡᠢ ᠰᠡᠳᠬᠢᠵᠦ᠂ ᠪᠦᠬᠦ ᠰᠢᠶᠠᠨ ᠤ ᠠᠵᠢᠯ ᠤᠨ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠲᠡᠮᠡᠴᠡᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠢᠳᠡᠪᠬᠢᠲᠡᠢ ᠪᠠᠷ ᠶᠠᠷᠢᠶ᠎ᠠ ᠲᠠᠯᠪᠢᠵᠤ᠂ | ᠲᠡᠮᠡᠴᠡᠯ ᠤᠨ ᠲᠠᠭᠤᠨ ᠢ ᠳᠠᠮᠵᠢᠭᠤᠯᠪᠠ᠃ | ᠰᠢ ᠳ᠋ᠧᠦ ᠫᠦ᠋ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ | ᠬᠤᠷᠠᠯ ᠠᠴᠠ ᠡᠮᠦᠨ᠎ᠡ ᠭᠦᠢᠴᠡᠳ ᠪᠡᠯᠡᠳᠬᠡᠯ ᠠᠵᠢᠯ ᠬᠢᠪᠡ᠃ ᠲᠡᠳᠡ ᠦᠨᠳᠦᠰᠦᠨ ᠱᠠᠲᠤᠨ ᠳᠤ ᠭᠦᠨᠵᠡᠭᠡᠶᠢᠷᠡᠵᠦ᠂ | ᠠᠷᠠᠳ ᠤᠨ ᠰᠠᠨᠠᠭ᠎ᠠ ᠶᠢ ᠥᠷᠭᠡᠨ ᠢᠶᠠᠷ ᠴᠤᠭᠯᠠᠭᠤᠯᠵᠤ᠂ ᠬᠤᠷᠠᠯ ᠳᠡᠭᠡᠷ᠎ᠡ ᠴᠢᠨᠠᠷ ᠰᠠᠶᠢᠲᠠᠢ ᠰᠠᠨᠠᠭᠤᠯᠭ᠎ᠠ ᠪᠠ ᠰᠠᠨᠠᠯ | ᠳᠤᠷᠠᠳᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠬᠤᠷᠠᠯ ᠤᠨ ᠬᠤᠭᠤᠴᠠᠭᠠᠨ ᠳᠤ᠂ | ᠲᠥᠯᠥᠭᠡᠯᠡᠭᠴᠢᠳ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ᠂ | ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ᠂ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ | ᠮᠡᠳᠡᠭᠦᠯᠦᠯᠲᠡ ᠵᠡᠷᠭᠡ ᠤᠯᠠᠨ ᠵᠦᠢᠯ ᠤᠨ ᠴᠢᠬᠤᠯᠠ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ ᠬᠢᠨᠠᠨ | ᠵᠥᠪᠯᠡᠪᠡ᠃ ᠲᠡᠳᠡ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ | ᠬᠤᠷᠠᠯ ᠤᠨ ᠡᠯ᠎ᠡ ᠵᠦᠢᠯ ᠤᠨ ᠵᠥᠪᠯᠡᠬᠦ ᠵᠦᠢᠯ ᠳᠤ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠣᠷᠣᠯᠴᠠᠵᠤ᠂ | ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠢ ᠳ᠋ᠧᠦ ᠫᠦ᠋ ᠪᠠᠯᠭᠠᠰᠤᠨ ᠤ | ᠲᠥᠯᠥᠭᠡᠯᠡᠭᠴᠢᠳ ᠤᠨ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ | ᠰᠢ ᠳ᠋ᠧᠦ ᠫᠦ᠋ ᠶᠢᠨ ᠲᠥᠯᠥᠭᠡᠯᠡᠭᠴᠢᠳ ᠤᠨ ᠪᠦᠯᠬᠦᠮ ᠤᠨ ᠳᠤᠭᠤᠶᠢᠯᠠᠩ ᠬᠤᠪᠢᠶᠠᠨ ᠶᠠᠷᠢᠯᠴᠠᠬᠤ ᠳᠤᠮᠳᠠ᠂ | ᠲᠥᠯᠥᠭᠡᠯᠡᠭᠴᠢᠳ ᠬᠤᠶᠢᠨ᠎ᠠ ᠬᠤᠶᠢᠨ᠎ᠠ ᠠᠴᠠ ᠪᠠᠨ ᠲᠤᠯᠤᠭᠠᠨ ᠮᠡᠳᠡᠭᠦᠯᠦᠯᠲᠡ ᠶᠢᠨ ᠠᠭᠤᠯᠭ᠎ᠠ ᠶᠢᠨ ᠲᠤᠬᠠᠶ ᠶᠠᠷᠢᠶ᠎ᠠ | ᠲᠠᠯᠪᠢᠪᠠ᠃ ᠲᠥᠯᠥᠭᠡᠯᠡᠭᠴᠢᠳ ᠮᠡᠳᠡᠭᠦᠯᠦᠯᠲᠡ ᠶᠢᠨ ᠭᠤᠣᠯ ᠰᠡᠳᠦᠪ ᠤᠨ ᠲᠣᠭᠤᠷᠢᠨ ᠳᠤ ᠬᠤᠶᠢᠨ᠎ᠠ | ᠬᠤᠶᠢᠨ᠎ᠠ ᠠᠴᠠ ᠪᠠᠨ ᠰᠠᠨᠠᠯ ᠰᠠᠨᠠᠭᠤᠯᠭ᠎ᠠ ᠪᠠᠨ ᠳᠡᠪᠰᠢᠭᠦᠯᠪᠡ᠃ ᠣᠯᠠᠨ ᠢᠶᠠᠷ ᠢᠶᠠᠨ ᠰᠠᠨᠠᠯ ᠨᠢᠭᠡᠲᠡᠶ ᠦᠵᠡᠭᠰᠡᠨ ᠨᠢ᠂ | ᠥᠩᠭᠡᠷᠡᠭᠰᠡᠨ ᠨᠢᠭᠡ ᠵᠢᠯ ᠳᠤ ᠪᠦᠬᠦ ᠰᠢᠶᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠣᠯᠠᠨ ᠤ | ᠠᠩᠬᠠᠷᠤᠯ ᠢ ᠲᠠᠲᠠᠭᠰᠠᠨ ᠠᠮᠵᠢᠯᠲᠠ ᠣᠯᠵᠤ᠂ ᠰᠢᠶᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ | ᠳᠤᠷᠠᠳᠤᠭᠰᠠᠨ ᠬᠤᠶᠢᠰᠢᠳᠠ ᠶᠢᠨ ᠨᠢᠭᠡ ᠵᠢᠯ ᠤᠨ ᠬᠠᠷᠠᠯᠲᠠ ᠡᠭᠦᠷᠭᠡ ᠨᠢ ᠭᠦᠶᠡᠩ ᠰᠢᠶᠠᠨ ᠤ ᠪᠣᠳᠠᠲᠤ ᠪᠠᠶᠢᠳᠠᠯ ᠲᠠᠢ | ᠨᠡᠶᠢᠴᠡᠵᠦ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠪᠣᠯᠵᠠᠢ᠃ | ᠰᠢ ᠳ᠋ᠧᠦ ᠫᠦ᠋ ᠪᠠᠯᠭᠠᠰᠤᠨ ᠤ ᠲᠥᠯᠥᠭᠡᠯᠡᠭᠴᠢᠳ ᠰᠢ ᠳ᠋ᠧᠦ ᠫᠦ᠋ ᠪᠠᠯᠭᠠᠰᠤᠨ ᠤ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠰᠡᠳᠦᠪ ᠤᠨ ᠲᠤᠬᠠᠢ ᠥᠪᠡᠷ ᠥᠪᠡᠷ ᠤᠨ ᠰᠠᠨᠠᠯ ᠢᠶᠠᠨ ᠶᠠᠷᠢᠪᠠ᠃ | ᠲᠥᠯᠥᠭᠡᠯᠡᠭᠴᠢᠳ ᠳᠤᠷᠠᠳᠤᠭᠰᠠᠨ ᠨᠢ᠂ ᠭᠦᠶᠡᠩ ᠰᠢᠶᠠᠨ ᠨᠢ ᠬᠤᠨᠴᠢᠷ ᠳᠠᠷᠢᠬᠤ ᠲᠣᠮᠣ ᠰᠢᠶᠠᠨ ᠪᠣᠯᠤᠭᠰᠠᠨ ᠤ | ᠬᠤᠪᠢ ᠳᠤ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠲᠠᠯ᠎ᠠ ᠪᠠᠷ ᠣᠷᠣᠭᠤᠯᠤᠯᠲᠠ ᠪᠠᠨ | ᠨᠡᠮᠡᠭᠳᠡᠭᠦᠯᠵᠦ᠂ ᠲᠡᠷᠢᠭᠦᠨ ᠤ ᠳᠠᠷᠢᠬᠤ ᠪᠠ ᠴᠢᠬᠢ ᠪᠤᠶᠢᠵᠢᠭᠤᠯᠬᠤ ᠮᠡᠷᠭᠡᠵᠢᠯ ᠢ ᠣᠷᠣᠭᠤᠯᠤᠨ ᠠᠪᠴᠢᠷᠠᠵᠤ᠂ | ᠰᠢᠨᠵᠢᠯᠡᠬᠦ ᠤᠬᠠᠭᠠᠨ ᠤ ᠰᠤᠳᠤᠯᠭᠠᠨ ᠲᠠᠢ ᠬᠠᠮᠲᠤᠷᠠᠯᠴᠠᠬᠤ ᠲᠣᠬᠢᠶᠠᠯ ᠢ ᠰᠠᠶᠢᠲᠤᠷ ᠠᠰᠢᠭᠯᠠᠨ᠂ ᠲᠠᠷᠢᠶᠠᠯᠠᠩ ᠮᠠᠯ | ᠠᠵᠤ ᠠᠬᠤᠶ ᠶᠢᠨ ᠦᠢᠯᠡᠳᠪᠦᠷᠢᠯᠡᠯ ᠤᠨ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠬᠤᠨᠴᠢᠷ ᠤᠨ | ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠬᠤ ᠬᠡᠷᠡᠭᠲᠡᠶ ᠭᠡᠪᠡ᠃ ᠪᠠᠰᠠ ᠲᠥᠯᠥᠭᠡᠯᠡᠭᠴᠢᠳ ᠤᠨ ᠦᠵᠡᠬᠦ ᠪᠠᠷ᠂ | ᠰᠢ ᠳ᠋ᠧᠦ ᠫᠦ᠋ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ | ᠢᠯᠠᠩᠭᠤᠶ᠎ᠠ ᠵᠠᠮ ᠬᠠᠷᠢᠯᠴᠠᠭ᠎ᠠ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠪᠣᠯᠤᠨ | ᠬᠥᠳᠡᠭᠡ ᠲᠣᠰᠬᠤᠨ ᠤ ᠠᠵᠤ ᠠᠬᠤᠶ ᠶᠢᠨ ᠨᠡᠮᠡᠭᠳᠡᠯ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃ | ᠠᠷᠠᠳ ᠤᠨ ᠠᠮᠢᠳᠤᠷᠠᠯ ᠤᠨ ᠠᠰᠠᠭᠤᠳᠠᠯ ᠤᠨ ᠲᠤᠬᠠᠶ᠂ ᠲᠥᠯᠥᠭᠡᠯᠡᠭᠴᠢᠳ ᠴᠦ ᠮᠠᠰᠢ ᠠᠩᠬᠠᠷᠴᠤ ᠪᠠᠶᠢᠨ᠎ᠠ᠂ ᠲᠠᠳᠠ | ᠬᠥᠳᠡᠭᠡ ᠲᠣᠰᠬᠤᠨ ᠤ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠲᠣᠰᠬᠤᠨ ᠤ ᠡᠮᠴᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ | ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠥᠷᠭᠡᠨ ᠣᠯᠠᠨ ᠲᠠᠷᠢᠶᠠᠴᠢᠨ ᠲᠦᠮᠡᠨ ᠳᠤ | ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠲᠤᠰ ᠤᠳᠠᠭᠠᠨ ᠤ ᠭᠦᠶᠡᠩ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠠᠴᠠ ᠰᠢ ᠳ᠋ᠧᠦ ᠫᠦ᠋ ᠪᠠᠯᠭᠠᠰᠤᠨ ᠤ | ᠲᠥᠯᠥᠭᠡᠯᠡᠭᠴᠢᠳ ᠢᠳᠡᠪᠬᠢᠲᠡᠶ ᠪᠠᠷ ᠬᠤᠷᠠᠯ ᠳᠤ ᠣᠷᠣᠯᠴᠠᠵᠤ᠂ ᠬᠥᠭᠵᠢᠶᠡᠨᠲᠡᠶ ᠶᠠᠷᠢᠯᠴᠠᠵᠤ᠂ ᠢᠳᠡᠪᠬᠢᠲᠡᠶ ᠪᠠᠷ | ᠰᠠᠨᠠᠯ ᠳᠤᠷᠠᠳᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠥᠭᠦᠷᠭᠡ ᠪᠠ | ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠦᠶᠡᠩ ᠰᠢᠶᠠᠨ ᠤ ᠬᠥᠭᠵᠢᠯᠲᠡ ᠳᠤ ᠠᠷᠭ᠎ᠠ ᠤᠬᠠᠭᠠᠨ | ᠭᠠᠷᠭᠠᠵᠤ᠂ ᠰᠢ ᠳ᠋ᠧᠦ ᠫᠦ᠋ ᠪᠠᠯᠭᠠᠰᠤᠨ ᠤ ᠢᠷᠡᠭᠡᠳᠦᠶ ᠶᠢᠨ ᠬᠥᠭᠵᠢᠯᠲᠡ ᠳᠤ ᠨᠠᠩ ᠣᠯᠠᠨ ᠳᠡᠮᠵᠢᠯᠭᠡ ᠪᠠ ᠠᠵᠠ | ᠲᠣᠬᠢᠶᠠᠯ ᠣᠯᠵᠤ ᠥᠭᠭᠦᠭᠰᠡᠨ ᠪᠠᠶᠢᠨ᠎ᠠ᠃ ᠪᠦᠬᠦ ᠲᠥᠯᠥᠭᠡᠯᠡᠭᠴᠢᠳ ᠤᠨ ᠬᠠᠮᠲᠤ ᠶᠢᠨ ᠴᠢᠷᠮᠠᠶᠢᠯᠭ᠎ᠠ ᠪᠠᠷ᠂ ᠭᠦᠶᠡᠩ | ᠰᠢᠶᠠᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠯᠠᠪᠲᠠᠢ ᠪᠡᠶᠡᠯᠡᠭᠦᠯᠵᠦ᠂ ᠰᠢ ᠳ᠋ᠧᠦ ᠫᠦ᠋ | ᠪᠠᠯᠭᠠᠰᠤ ᠴᠤ ᠨᠡᠩ ᠰᠠᠶᠢᠨ ᠰᠠᠶᠢᠬᠠᠨ ᠢᠷᠡᠭᠡᠳᠦᠢ ᠪᠠᠨ ᠤᠭᠲᠤᠬᠤ ᠶᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ | ᠃ |