​ ᠪᠠᠶᠠᠷ ᠤᠨ ᠡᠳᠦᠷ ︽ᠪᠠᠩᠰᠢ ᠶᠢᠨ ᠦᠨᠦᠷ ᠬᠠᠩᠬᠤᠯᠵᠤ ᠴᠠᠭᠠᠨ ᠰᠠᠷ᠎ᠠ ᠪᠠᠨ ᠤᠭᠲᠤᠶ᠎ᠠ︾ ᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/23
     ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠬᠦᠷ ᠬᠥᠭᠵᠢᠶᠡᠨ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠨ᠎ᠠ᠃ 1 ᠰᠠᠷ᠎ᠠ ᠶᠢᠨ 22 ᠤᠨ ᠡᠳᠦᠷ᠂ ᠰᠢᠶᠠ ᠱᠢ ᠬᠤᠤ ᠪᠠᠯᠭᠠᠰᠤ ᠡᠯ᠎ᠡ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠥᠷᠲᠡᠭᠡ ᠶᠢ ᠵᠣᠬᠢᠶᠠᠨ ᠪᠠᠶᠢᠭᠤᠯᠵᠤ ᠴᠠᠭᠠᠨ ᠰᠠᠷ᠎ᠠ ᠶᠢ ᠤᠭᠲᠤᠬᠤ ᠠᠵᠢᠯᠯᠠᠭ᠎ᠠ ᠥᠷᠨᠢᠭᠦᠯᠪᠡ᠃    ᠬᠦᠳᠡᠯᠬᠡᠬᠡᠨ ᠤ ᠠᠬᠤᠢ ᠳᠠᠯᠠᠪᠠᠢ ᠳᠤ  ᠬᠦᠷ ᠬᠥᠭᠵᠢᠶᠡᠨ ᠢᠶᠠᠷ ᠪᠢᠯᠬᠠᠵᠤ᠂ ᠪᠦᠬᠦᠳᠡᠭᠡᠷ ᠬᠦᠷᠢᠶᠡᠯᠡᠨ ᠰᠠᠭᠤᠵᠦ᠂  ᠬᠤᠭᠤᠯᠠᠨ ᠭᠡᠷ ᠪᠠᠶᠠᠷ ᠬᠦᠷ ᠲᠠᠢ ᠪᠠᠷ ᠪᠦᠬᠦ᠋ᠢᠯᠡ ᠪᠠᠩᠰᠢ ᠪᠠᠷᠢᠬᠤ ᠠᠵᠢᠯ ᠢ ᠬᠠᠷᠢᠭᠤᠴᠠᠵᠦ᠂ ᠪᠠᠩᠰᠢ  ᠪᠤᠯᠬᠤ ᠦᠶ᠎ᠡ ᠳᠤ ᠨᠢᠭᠡ ᠰᠢᠷᠡᠭᠡ ᠵᠢᠵᠢᠭᠬᠡᠨ ᠪᠠᠩᠰᠢ ᠤᠳ ᠬᠠᠯᠠᠭᠤᠨ ᠳᠤᠯᠠᠭᠠᠨ ᠬᠦᠷᠰᠢ ᠰᠠᠭᠠᠬᠠᠯᠳᠠ ᠶᠢᠨ ᠰᠡᠳᠬᠢᠯᠭᠡ ᠳᠤ ᠤᠶᠢᠷᠠᠳᠴᠦ᠂ ᠠᠶᠢᠯ ᠰᠠᠭᠠᠬᠠᠯᠳᠠ ᠶᠢᠨ ᠡᠶ᠎ᠡ ᠵᠤᠬᠢᠴᠠᠯ ᠢ ᠠᠬᠢᠭᠤᠯᠵᠠᠢ ᠃
1.23ml1.jpg
     ᠬᠤᠶᠢᠲᠤ ᠣᠪᠣᠭ᠎ᠠ ᠲᠣᠰᠬᠤᠨ ᠤ ᠶᠠᠩᠭᠠᠷ ᠪᠥᠵᠢᠭ ᠤᠨ ᠠᠩᠭᠢ ᠦᠵᠡᠰᠬᠦᠯᠡᠩᠲᠦ ᠰᠠᠶᠢᠬᠠᠨ ᠲᠣᠭᠯᠠᠯᠲᠠ ᠶᠢᠨ ᠬᠤᠪᠴᠠᠰᠤ ᠡᠮᠦᠰᠴᠦ᠂ ᠭᠠᠷ ᠲᠠᠭᠠᠨ ᠥᠩᠭᠡᠲᠦ ᠳᠡᠪᠢᠭᠦᠷ ᠵᠡᠷᠭᠡ ᠪᠠᠭᠠᠵᠢ ᠬᠡᠷᠡᠭᠰᠡᠯ ᠪᠠᠷᠢᠵᠤ᠂ ᠪᠣᠰᠬᠤ᠂ ᠪᠠᠭᠤᠬᠤ᠂ ᠰᠢᠯᠵᠢᠭᠦᠯᠬᠦ᠂ ᠨᠡᠭᠦᠯᠭᠡᠬᠦ ᠵᠡᠷᠭᠡ ᠠᠵᠢᠯᠯᠠᠭ᠎ᠠ ᠨᠢ ᠴᠥᠮ ᠬᠡᠩᠭᠡᠷᠭᠡ ᠶᠢᠨ ᠴᠡᠭ ᠲᠠᠢ ᠨᠢᠭᠡᠳᠦᠯ ᠲᠠᠢ ᠪᠠᠶᠢᠵᠤ᠂ ᠳᠠᠭᠤᠤ ᠶᠢᠨ ᠲᠡᠭᠦᠰᠬᠡᠯ ᠨᠢ ᠲᠠᠰᠤᠷᠠᠰᠢ ᠦᠭᠡᠢ ᠬᠤᠪᠢᠷᠠᠵᠤ᠂ ᠪᠠᠶᠠᠷ ᠪᠠᠶᠠᠰᠬᠤᠯᠠᠩᠲᠤ ᠬᠥᠭᠵᠢᠮ ᠳᠤᠮᠳᠠ ᠴᠤᠭ ᠰᠦᠯᠳᠡ ᠪᠠᠨ ᠪᠠᠳᠠᠷᠠᠭᠤᠯᠵᠤ᠂ ᠰᠢᠨ᠎ᠡ ᠳᠦᠷᠰᠦ ᠪᠠᠶᠢᠳᠠᠯ ᠲᠠᠢ ᠪᠣᠯᠵᠤ᠂ ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ ᠰᠢᠳᠢ ᠶᠢ ᠭᠦᠢᠴᠡᠳ ᠢᠯᠡᠷᠡᠭᠦᠯᠵᠦ᠂ ᠲᠤᠬᠠᠶ ᠶᠢᠨ ᠲᠠᠯᠠᠪᠠᠢ ᠶᠢᠨ ᠦᠵᠡᠭᠴᠢᠳ ᠲᠤ ᠨᠢᠭᠡ ᠤᠳᠠᠭᠠᠨ ᠤ ᠬᠠᠷᠠᠭᠠᠨ ᠰᠡᠷᠡᠯ ᠪᠠ ᠰᠣᠶᠣᠯ ᠤᠨ ᠳᠠᠪᠬᠤᠷ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃    ᠲᠣᠰ ᠤᠳᠠᠭᠠᠨ ᠤ ᠠᠵᠢᠯᠯᠠᠭ᠎ᠠ ᠨᠢ ᠣᠯᠠᠨ ᠳᠤ ᠤᠯᠠᠮᠵᠢᠯᠠᠯᠲᠤ ᠰᠣᠶᠣᠯ ᠤᠨ ᠷᠢᠳᠢ ᠰᠢᠳᠢ ᠪᠠ ᠪᠠᠶᠠᠷ ᠤᠨ ᠡᠳᠦᠷ ᠤᠨ ᠪᠠᠶᠠᠷ ᠪᠠᠭ᠋ᠠᠳᠤᠯ ᠢ ᠮᠡᠳᠡᠷᠡᠭᠦᠯᠦᠭᠰᠡᠨ ᠢᠶᠠᠷ ᠪᠠᠷᠠᠬᠤ ᠥᠬᠡᠶ ᠪᠠᠰᠠ ᠲᠣᠰᠬᠤᠨ ᠤ ᠠᠷᠠᠳ ᠤᠨ ᠬᠤᠭᠤᠷᠣᠨᠳᠣᠬᠢ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠴᠢᠩᠭᠠᠷᠠᠭᠤᠯᠵᠤ᠂ ᠦᠨᠳᠦᠰᠦᠨ ᠱᠠᠲᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠪᠠ᠃    ᠳᠠᠷᠠᠭᠠᠴᠢ ᠶᠢᠨ ᠠᠯᠬᠤᠮ ᠳᠤ᠂ ᠰᠢᠶᠠ ᠱᠢ ᠬᠤᠤ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠶᠢ ᠥᠷᠨᠢᠭᠦᠯᠵᠦ᠂ ᠡᠯ᠎ᠡ ᠲᠣᠰᠬᠤᠨ ᠲᠠᠢ ᠬᠤᠯᠪᠣᠭᠠᠯᠠᠨ ᠡᠯ᠎ᠡ ᠲᠦᠷᠦᠯ ᠤᠨ ᠤᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠡᠷᠬᠢᠯᠡᠵᠦ᠂ ᠲᠣᠰᠬᠤᠨ ᠤ ᠠᠷᠠᠳ ᠲᠤ ᠨᠡᠩ ᠤᠯᠠᠨ ᠰᠤᠷᠤᠯᠴᠠᠬᠤ᠂ ᠰᠣᠯᠢᠯᠴᠠᠬᠤ ᠪᠠ ᠬᠠᠷᠢᠯᠴᠠᠨ ᠬᠥᠳᠡᠯᠦᠯᠴᠡᠬᠦ ᠲᠠᠪᠴᠠᠩ ᠬᠠᠩᠭᠠᠵᠤ᠂ ᠬᠥᠳᠡᠭᠡ ᠲᠣᠰᠬᠤᠨ ᠤ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠬᠠᠮᠲᠤᠪᠠᠷ ᠠᠬᠢᠭᠤᠯᠤᠨ᠎ᠠ᠃
 
ᠢᠷᠡᠯᠲᠡ᠄ ᠰᠢᠶᠠ ᠱᠢ ᠬᠤᠤ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号